5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠾᠧᠦ ᠵᠢᠶᠦ᠋ᠨ ᠢᠦᠢ᠂ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠰᠢᠤᠸᠠᠢ ᠳ᠋ᠦᠩ᠂ ᠳᠡᠳ᠋ ᠳᠠᠷᠤᠭ᠎ᠠ ᠴᠢᠦᠢ ᠯᠢ ᠱᠧᠩ᠂ ᠰᠦᠨ | ᠶᠠᠨ ᠵᠢᠶᠧ᠂ ᠷᠧᠨ ᠯᠢ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠴᠢ ᠹᠧᠩ᠂ ᠬᠤᠰᠢᠭᠤᠨ ᠵᠠᠰᠠᠭ ᠤᠨ | ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢ ᠶᠢᠦ᠂ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ᠬᠤᠷᠠᠯ ᠠᠴᠠ 5 ᠰᠠᠷ᠎ᠠ ᠶᠢᠨ 5 ᠤ ᠡᠳᠦᠷ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ | ᠤᠯᠠᠷᠢᠯ ᠳᠤ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠵᠢᠴᠢ ᠠᠵᠤ ᠠᠬᠤᠢ ᠶᠢᠨ ᠠᠵᠢᠯᠯᠠᠭᠠᠨ ᠢ | ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠰᠢᠭᠤᠨ ᠤ ᠪᠡᠯᠡ ᠣᠷᠤᠭᠤᠯᠤᠯᠲᠠ ᠶᠢ | ᠠᠬᠢᠭᠤᠯᠬᠤ ᠲᠥᠪ ᠤᠨ ᠬᠠᠷᠢᠭᠤᠴᠠᠯᠭᠠᠲᠠᠨ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠠᠵᠤ | ᠦᠢᠯᠡᠰ ᠤᠨ ᠠᠷᠠᠯᠵᠢᠶᠠᠴᠢᠨ ᠤᠷᠢᠬᠤ ᠬᠡᠯᠬᠢᠶ᠎ᠡ ᠶᠢᠨ ᠳᠠᠷᠤᠭ᠎ᠠ ᠶᠢᠨ ᠪᠥᠬᠦ ᠬᠤᠰᠢᠭᠤᠨ ᠤ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ | ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨ ᠬᠦ ᠦᠵᠡᠯ ᠰᠠᠨᠠᠭ᠎ᠠ᠂ ᠴᠠᠭ | ᠬᠤᠭᠤᠴᠠᠭ᠎ᠠ᠂ ᠣᠶᠤᠨ ᠴᠢᠳᠠᠯ᠂ ᠤᠳᠤᠷᠢᠳᠤᠮᠵᠢ ᠶᠢᠨ ᠲᠠᠯ᠎ᠠ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠢᠬᠤᠯᠠ | ᠴᠢᠨᠠᠷ ᠢ ᠭᠦᠢᠴᠡᠳ ᠲᠠᠨᠢᠵᠤ᠂ ᠡᠯ᠎ᠡ ᠠᠷᠠᠯᠵᠢᠶᠠᠴᠢᠨ ᠤᠷᠢᠬᠤ ᠬᠡᠯᠬᠢᠶ᠎ᠡ ᠶᠢᠨ ᠳᠠᠷᠤᠭ᠎ᠠ᠂ ᠡᠯ᠎ᠡ ᠰᠠᠯᠠᠭ᠎ᠠ ᠮᠥᠴᠢᠷ | ᠪᠣᠯᠣᠨ ᠰᠤᠮᠤ ᠰᠢᠶᠠᠩ ᠪᠠᠯᠭᠠᠰᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠣᠯᠭᠠᠯᠴᠠᠭ᠎ᠠ ᠶᠢ ᠰᠠᠶᠢᠲᠤᠷ ᠬᠢᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠲᠡᠷᠢᠭᠦᠨ ᠢᠨᠵᠧᠨᠧᠷᠢᠩ ᠪᠣᠯᠭᠠᠨ᠂ ᠠᠷᠭ᠎ᠠ ᠬᠡᠮᠵᠢᠶ᠎ᠡ ᠪᠠᠨ | ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠷᠠᠯᠵᠢᠶᠠᠴᠢᠨ ᠤᠷᠢᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠶᠢᠨ ᠢᠶᠠᠨ ᠣᠳᠣᠬᠢ ᠪᠠᠶᠢᠳᠠᠯ ᠪᠣᠯᠣᠨ ᠰᠠᠭᠤᠷᠢ ᠶᠢ ᠨᠡᠪᠲᠡᠷᠬᠡᠢ ᠣᠶᠢᠯᠠᠭᠠᠵᠤ᠂ | ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠬᠢᠵᠠᠭᠠᠷᠯᠠᠬᠤ ᠪᠣᠭᠤᠮᠢ ᠶᠢ ᠦᠷᠭᠦᠯᠵᠢᠯᠡᠨ ᠮᠥᠷᠳᠡᠵᠦ᠂ | ᠲᠣᠳᠣᠷᠬᠠᠢ ᠣᠶᠢᠯᠠᠭᠠᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠯ ᠢ ᠰᠠᠶᠢᠲᠤᠷ ᠲᠣᠬᠢᠷᠠᠭᠤᠯᠵᠤ᠂ | ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠵᠦ᠂ ᠠᠵᠤ ᠦᠢᠯᠡᠰ ᠤᠨ ᠳᠡᠭᠡᠳᠦ ᠤᠷᠤᠰᠬᠠᠯ ᠪᠠ ᠳᠣᠣᠷᠠᠳᠤ | ᠤᠷᠤᠰᠬᠠᠯ ᠤᠨ ᠲᠣᠭᠤᠷᠢᠨ ᠳᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ | ᠴᠢᠩᠭᠠᠳᠬᠠᠬᠤ ᠠᠵᠢᠯ ᠢ ᠰᠠᠶᠢᠲᠤᠷ ᠬᠢᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ | ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ | ᠂ ᠬᠡᠯᠬᠢᠶ᠎ᠡ ᠶᠢᠨ ᠳᠠᠪᠠᠭᠤᠯᠢᠭ ᠢ ᠪᠦᠬᠦ ᠲᠠᠯ᠎ᠠ ᠪᠠᠷ ᠪᠠᠳᠠᠷᠠᠭᠤᠯᠵᠤ᠂ ᠠᠵᠤ ᠠᠬᠤᠢ ᠶᠢᠨ ᠪᠠᠶᠢᠳᠠᠯ ᠢ ᠪᠤᠵᠠᠭᠠᠶᠢᠷᠠᠭᠤᠯᠬᠤ | ᠬᠡᠷᠡᠭᠲᠡᠢ᠃ᠡᠭᠦᠨ ᠤ ᠬᠠᠮᠲᠤ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠨ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠷᠠᠯᠵᠢᠶᠠᠴᠢᠨ ᠤᠷᠢᠬᠤ ᠠᠵᠢᠯ ᠢᠶᠠᠷ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠵᠢᠯ ᠤᠨ ᠲᠥᠰᠥᠯ ᠲᠠᠢ ᠬᠠᠷᠢᠴᠠᠭᠤᠯᠤᠨ᠂ ᠡᠭᠦᠷᠭᠡ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠪᠥᠬᠦ | ᠣᠷᠣᠨ ᠤ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠢ ᠲᠦᠯᠬᠢᠨ | ᠠᠬᠢᠭᠤᠯᠬᠤ ᠳᠤᠮᠳᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠴᠦᠨ ᠢ ᠴᠢᠷᠮᠠᠶᠢᠨ ᠡᠷᠭᠦᠵᠦ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃ ᠪᠦᠬᠦ ᠬᠤᠰᠢᠭᠤᠨ ᠤ ᠡᠯ᠎ᠡ | ᠬᠦᠷᠢᠶᠡᠨ ᠳᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠠᠮᠤᠷ ᠲᠦᠪᠰᠢᠨ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠠᠮᠤᠷ ᠲᠦᠪᠰᠢᠨ ᠪᠠᠶᠢᠬᠤ ᠦᠭᠡᠢ ᠪᠣᠯ | ᠬᠥᠭᠵᠢᠯᠲᠡ ᠪᠠᠶᠢᠬᠤ ᠦᠭᠡᠢ ᠭᠡᠬᠦ ᠠᠵᠢᠯ ᠤᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠬᠦᠴᠦᠨ ᠢ ᠨᠢᠭᠡᠳᠦᠯᠲᠡᠢ | ᠲᠥᠯᠥᠪᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠢᠳᠡᠪᠬᠢᠲᠡᠢ ᠠᠷᠭᠠᠴᠠᠨ ᠰᠡᠷᠭᠡᠶᠢᠯᠡᠵᠦ᠂ ᠶᠡᠭᠡ | ᠲᠣᠬᠢᠶᠠᠯᠳᠤᠮᠵᠢ ᠶᠢᠨ ᠰᠡᠳᠬᠢᠬᠦᠢ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠴᠢᠩᠭ᠎ᠠ ᠨᠢᠮᠪᠠᠢ ᠴᠢᠩᠭ᠎ᠠ ᠰᠠᠶᠢᠲᠤᠷ ᠬᠢᠬᠦ ᠬᠡᠷᠡᠭᠲᠡᠢ᠃ |