5 ᠰᠠᠷ᠎ᠠ ᠶᠢᠨ 5 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠤᠯᠤᠰ ᠤᠨ ᠨᠢᠭᠡᠳᠦᠭᠡᠷ | ᠳᠡᠰ ᠤᠨ ᠬᠠᠮᠠᠭᠠᠯᠠᠯᠲᠠ ᠶᠢᠨ ᠠᠮᠢᠲᠠᠨ ᠤ ᠬᠦᠰᠦᠨ ᠲᠠᠰ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ | ᠪᠠᠶᠢᠴᠠᠭᠠᠬᠤ ᠶᠡᠭᠡ ᠠᠩᠭᠢ ᠶᠢᠨ ᠬᠢᠨ ᠳᠤᠯᠤᠭᠠᠨᠬᠤᠳᠳᠤᠭ ᠰᠤᠮᠤᠨ ᠤ ᠨᠠᠨ ᠪᠥᠸᠧ ᠽᠢ ᠲᠣᠰᠬᠤᠨ ᠤ ᠠᠷᠠᠳ ᠤᠨ | ᠴᠠᠭᠳᠠᠭ᠎ᠠ ᠳᠤ ᠮᠡᠳᠡᠭᠦᠯᠦᠭᠰᠡᠨ ᠢ ᠣᠯᠵᠤ ᠮᠡᠳᠡᠭᠡᠳ᠂ ᠨᠠᠨ ᠪᠥᠸᠧ ᠽᠢ ᠲᠣᠰᠬᠤᠨ ᠤ ᠵᠡᠭᠦᠨ ᠡᠮᠦᠨ᠎ᠡ ᠲᠠᠯ᠎ᠠ ᠳᠤ | ᠨᠢᠭᠡᠨ ᠰᠢᠷᠬᠠᠲᠤᠭᠰᠠᠨ ᠪᠣᠯᠣᠯᠲᠠᠢ ᠲᠣᠮᠣ ᠰᠢᠪᠠᠭᠤ ᠨᠢᠰᠬᠦ ᠶᠢᠨ ᠠᠷᠭ᠎ᠠ ᠦᠭᠡᠢ ᠪᠣᠯᠤᠭᠰᠠᠨ ᠢ ᠣᠯᠵᠤ ᠮᠠᠲᠠᠵᠠᠢ᠂ | ᠴᠠᠭᠳᠠᠭ᠎ᠠ ᠶᠢ ᠳᠤᠰᠤᠭᠰᠠᠨ ᠤ ᠳᠠᠷᠠᠭ᠎ᠠ᠂ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ | ᠲᠤᠬᠠᠢ ᠶᠢᠨ ᠲᠠᠯᠠᠪᠤᠷ ᠲᠤ ᠬᠦᠷᠴᠡᠢ᠃ | | ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠨᠠᠷᠢᠨ ᠪᠠᠶᠢᠴᠠᠭᠠᠯᠲᠠ ᠪᠠᠷ | ᠳᠡᠮᠵᠢᠨ᠂ ᠡᠨᠡ ᠬᠦ ᠲᠣᠮᠣ ᠰᠢᠪᠠᠭᠤᠨ ᠤ ᠪᠠᠶᠢᠳᠠᠯ ᠨᠢ ᠬᠠᠲᠠᠩᠭᠢᠷᠠᠵᠤ᠂ ᠬᠥᠳᠡᠯᠵᠦ ᠪᠠᠷᠢᠬᠤ ᠬᠦᠴᠦᠨ ᠦᠭᠡᠢ᠂ | ᠭᠠᠳᠠᠷ ᠰᠢᠷᠬ᠎ᠠ ᠨᠢ ᠢᠯᠡᠷᠬᠡᠢ ᠪᠢᠰᠢ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠳᠤ ᠪᠠᠶᠢᠭ᠎ᠠ ᠠᠮᠢᠲᠠᠨ ᠤ | ᠬᠦᠰᠦᠨ ᠲᠠᠰ ᠲᠤ ᠬᠠᠷᠢᠶᠠᠯᠠᠭᠳᠠᠬᠤ ᠶᠢ ᠣᠯᠵᠤ ᠮᠠᠲᠠᠵᠠᠢ᠃ᠬᠦᠰᠦᠨ ᠲᠠᠰ ᠤᠨ ᠰᠢᠷᠬ᠎ᠠ ᠶᠢᠨ ᠪᠠᠶᠢᠳᠠᠯ ᠢ ᠮᠡᠳᠡᠬᠦ | ᠦᠭᠡᠢ ᠮᠥᠷᠲᠡᠭᠡᠨ ᠶᠡᠭᠡ ᠠᠩᠭᠢ ᠶᠢᠨ ᠬᠢᠨ ᠠᠪᠤᠷᠠᠨ ᠲᠤᠰᠠᠯᠠᠬᠤ ᠲᠤᠰᠬᠠᠢ ᠨᠥᠬᠦᠴᠡᠯ ᠦᠭᠡᠢ ᠪᠣᠯᠬᠤᠷ ᠠᠷᠠᠳ ᠤᠨ | ᠴᠠᠭᠳᠠᠭ᠎ᠠ ᠲᠡᠭᠦᠨ ᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ | ᠲᠤᠰᠠᠯᠠᠬᠤ ᠥᠷᠲᠡᠭᠡ ᠳᠤ ᠰᠢᠯᠵᠢᠭᠦᠯᠦᠨ ᠲᠤᠰᠢᠶᠠᠵᠤ ᠤᠯᠠᠮ ᠨᠢᠭᠡ ᠠᠯᠬᠤᠮ ᠠᠪᠤᠷᠠᠨ ᠵᠠᠰᠠᠭᠤᠯᠪᠠ᠃ | | ᠠᠪᠤᠷᠠᠨ ᠲᠤᠰᠠ᠊ᠯᠠᠭᠰᠠᠨ ᠤ ᠳᠠᠷᠠᠭ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ | ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠠᠴᠠ ᠨᠠᠨ | ᠪᠥᠸᠧ ᠽᠢ ᠲᠣᠰᠬᠤᠨ ᠤ ᠠᠷᠠᠳ ᠲᠤ᠂ ᠬᠡᠷᠪᠡ ᠰᠢᠷᠬᠠᠲᠤᠭᠰᠠᠨ᠂ ᠬᠠᠰᠢᠭᠳᠠᠭᠰᠠᠨ ᠬᠡᠭᠡᠷ᠎ᠡ ᠶᠢᠨ ᠠᠮᠢᠲᠠᠨ ᠳᠤ | ᠲᠣᠬᠢᠶᠠᠯᠳᠤᠪᠠᠯ᠂ ᠬᠠᠮᠤᠭ ᠤᠨ ᠲᠡᠷᠢᠭᠦᠨ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ᠂ ᠠᠮᠢᠲᠠᠨ ᠲᠠᠢ | ᠰᠢᠭᠤᠳ ᠣᠶᠢᠷᠠᠳᠬᠤ ᠠᠴᠠ ᠵᠠᠶᠢᠯᠠᠰᠬᠢᠵᠦ᠂ ᠢᠳᠡᠭᠦᠯᠬᠦ ᠦᠭᠡᠢ᠂ ᠣᠶᠢᠷᠠᠲᠤᠭᠤᠯᠬᠤ ᠦᠭᠡᠢ ᠪᠠᠶᠢᠬᠤ ᠬᠡᠷᠡᠭᠲᠡᠢ | ᠭᠡᠵᠦ ᠤᠬᠠᠭᠤᠯᠪᠠ︔ ᠬᠡᠷᠪᠡ ᠢᠯᠭᠠᠨ ᠲᠠᠨᠢᠬᠤ ᠶᠢᠨ ᠠᠷᠭ᠎ᠠ ᠦᠭᠡᠢ ᠬᠡᠭᠡᠷ᠎ᠡ ᠶᠢᠨ ᠠᠮᠢᠲᠠᠨ ᠤ ᠳᠦᠷᠰᠦ ᠶᠢ | ᠥᠪᠡᠷᠲᠡᠭᠡᠨ ᠲᠠᠯᠪᠢᠵᠤ ᠪᠣᠯᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ | ᠰᠢᠢᠳᠪᠦᠷᠢᠯᠡᠭᠦᠯᠦᠨ᠎ᠡ᠃ᠡᠭᠦᠨ ᠤ ᠵᠡᠷᠭᠡ ᠳᠤ ᠥᠷᠭᠡᠨ ᠣᠯᠠᠨ ᠲᠦᠮᠡᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠶᠢ ᠬᠦᠰᠡᠨ ᠱᠠᠭᠠᠷᠳᠠᠵᠤ | ᠪᠠᠶᠢᠨ᠎ᠠ᠃ | |