5 ᠰᠠᠷ᠎ᠠ ᠶᠢᠨ 6 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠹᠦ᠋ 2023 ᠣᠨ ᠤ ᠬᠤᠶᠠᠳᠤᠭᠠᠷ ᠤᠳᠠᠭᠠᠨ ᠤ ᠤᠯᠤᠰ ᠲᠥᠷᠥ | ᠬᠠᠤᠯᠢ ᠴᠠᠭᠠᠵᠠ ᠶᠢᠨ ᠵᠥᠪᠯᠡᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠠᠬᠢᠭᠤᠯᠬᠤ ᠬᠤᠷᠠᠯ ᠢ | ᠡᠷᠭᠢᠯᠡᠨ ᠬᠤᠷᠠᠯᠳᠤᠭᠤᠯᠪᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳᠠᠷᠤᠭ᠎ᠠ ᠹᠦ᠋ ᠵᠢᠶᠠᠨ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠹᠠᠩ᠂ ᠬᠤᠰᠢᠭᠤᠨ | ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠸ ᠰᠢᠶᠣᠣ ᠫᠢᠩ᠂ ᠡᠯ᠎ᠡ ᠰᠤᠮᠤ ᠰᠢᠶᠠᠩ | ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ | ᠂ ᠬᠤᠰᠢᠭᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠭᠦᠨ ᠵᠢᠴᠢ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠰᠢᠭᠦᠬᠦ ᠬᠤᠷᠢᠶ᠎ᠠ ᠪᠠᠶᠢᠴᠠᠭᠠᠬᠤ | ᠬᠤᠶᠠᠷ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠤᠮᠤ ᠰᠢᠶᠠᠩ ᠪᠠᠯᠭᠠᠰᠤ ᠶᠢᠨ | ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠲᠦᠷᠦᠯ ᠲᠡᠮᠳᠡᠭ ᠢ ᠡᠭᠦᠳᠬᠦ | ᠠᠵᠢᠯ ᠤᠨ ᠠᠬᠢᠴᠠ ᠶᠢᠨ ᠪᠠᠶᠢᠳᠠᠯ ᠪᠣᠯᠣᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠤᠯᠤᠰ | ᠲᠦᠷᠦ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠤᠨ ᠠᠵᠢᠯᠯᠠᠭᠠᠨ ᠤ | ᠪᠠᠶᠢᠳᠠᠯ ᠢ ᠰᠣᠨᠣᠰᠴᠠᠢ᠃ᠡᠭᠦᠨ ᠤ ᠬᠠᠮᠲᠤ ᠪᠥᠬᠦ ᠬᠤᠰᠢᠭᠤᠨ ᠤ ᠬᠤᠳᠠᠯ ᠬᠠᠭᠤᠷᠮᠠᠭ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠮᠡᠳᠡᠭᠳᠡᠪᠡ᠃ | ᠶᠠᠨ ᠹᠦ᠋ ᠵᠢᠭᠠᠵᠤ ᠭᠠᠷᠭᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠠᠵᠢᠯ ᠤᠨ ᠠᠬᠢᠴᠠ ᠶᠢ ᠲᠦᠷᠭᠡᠳᠬᠡᠵᠦ᠂ | ᠭᠤᠣᠯᠳᠠᠯᠭ᠎ᠠ ᠲᠠᠢ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ᠨᠢᠭᠡᠨᠲᠡ ᠲᠣᠭᠲᠠᠭᠠᠭᠰᠠᠨ | ᠬᠠᠷᠠᠯᠲᠠ ᠶᠣᠰᠣᠭᠠᠷ᠂ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠠᠵᠢᠯᠯᠠᠭᠤᠯᠵᠤ ᠪᠠᠲᠤᠯᠠᠬᠤ ᠠᠵᠢᠯᠲᠠᠨ ᠲᠠᠢ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠪᠠᠷᠢᠮᠵᠢᠶ᠎ᠠ ᠪᠠᠷ | ᠬᠦᠰᠦᠨᠦᠭᠲᠦ ᠶᠢᠨ ᠲᠥᠰᠥᠯ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠬᠠᠷᠭᠤᠭᠤᠯᠵᠤ᠂ ᠠᠰᠠᠭᠤᠳᠠᠯ ᠤᠨ ᠦᠨᠳᠦᠰᠦ | ᠰᠤᠷᠪᠤᠯᠵᠢ ᠶᠢ ᠭᠦᠨ ᠠᠭᠤᠳᠠᠯᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ︽ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ | ᠡᠭᠦᠨ ᠤ ᠬᠠᠮᠲᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠭᠤᠣᠯᠳᠠᠯᠭ᠎ᠠ ᠲᠠᠢ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠵᠠᠰᠠᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠯᠠᠨ | ᠡᠰᠢᠴᠢᠯᠡᠭᠰᠡᠨ ᠪᠤᠴᠠᠭᠠᠯ ᠰᠡᠯᠭᠦᠯᠲᠡ ᠶᠢᠨ ᠭᠠᠵᠠᠷ ᠤᠨ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ ᠲᠤᠰᠬᠠᠢ | ᠬᠥᠮᠥᠨ ᠲᠣᠬᠢᠷᠠᠭᠤᠯᠤᠨ ᠠᠵᠢᠯ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠣᠬᠢᠲᠠᠢ ᠰᠢᠢᠳᠪᠦᠷᠢᠯᠡᠨ᠂ | ᠢᠳᠡᠪᠬᠢᠲᠡᠢ ᠪᠠᠷ᠂ ᠰᠠᠨᠠᠭᠠᠴᠢᠯᠠᠭ᠎ᠠ ᠲᠠᠢ ᠪᠠᠷ᠂ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠵᠥᠷᠢᠴᠡᠯ | ᠵᠢᠭᠤᠷᠠᠯᠳᠤᠭᠠᠨ ᠢ ᠠᠷᠢᠯᠭᠠᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ | ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠴᠢᠷᠮᠠᠶᠢᠨ | ᠪᠡᠶᠡᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠴᠢᠩᠭ᠎ᠠ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ | |