ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/8
         5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠾᠧᠦ ᠵᠢᠶᠦ᠋ᠨ ᠢᠦᠢ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠰᠢᠤᠸᠠᠢ ᠳ᠋ᠦᠩ᠂ ᠳᠡᠳ᠋ ᠳᠠᠷᠤᠭ᠎ᠠ ᠴᠢᠦᠢ ᠯᠢ ᠱᠧᠩ᠂ ᠰᠦᠨ ᠶᠠᠨ ᠵᠢᠶᠧ᠂ ᠷᠧᠨ ᠯᠢ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠴᠢ ᠹᠧᠩ᠂ ᠬᠤᠰᠢᠭᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢ ᠶᠢᠦ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
         ᠬᠤᠷᠠᠯ ᠠᠴᠠ 5 ᠰᠠᠷ᠎ᠠ ᠶᠢᠨ 5  ᠤ ᠡᠳᠦᠷ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠤᠯᠠᠷᠢᠯ ᠳᠤ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠵᠢᠴᠢ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠰᠢᠭᠤᠨ ᠤ ᠪᠡᠯᠡ ᠣᠷᠤᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠠᠵᠤ ᠦᠢᠯᠡᠰ ᠤᠨ ᠠᠷᠠᠯᠵᠢᠶᠠᠴᠢᠨ ᠤᠷᠢᠬᠤ ᠬᠡᠯᠬᠢᠶ᠎ᠡ ᠶᠢᠨ ᠳᠠᠷᠤᠭ᠎ᠠ ᠶᠢᠨ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃          ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨ ᠬᠦ ᠦᠵᠡᠯ ᠰᠠᠨᠠᠭ᠎ᠠ᠂ ᠴᠠᠭ ᠬᠤᠭᠤᠴᠠᠭ᠎ᠠ᠂ ᠣᠶᠤᠨ ᠴᠢᠳᠠᠯ᠂ ᠤᠳᠤᠷᠢᠳᠤᠮᠵᠢ ᠶᠢᠨ ᠲᠠᠯ᠎ᠠ  ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠠᠷᠠᠯᠵᠢᠶᠠᠴᠢᠨ ᠤᠷᠢᠬᠤ ᠬᠡᠯᠬᠢᠶ᠎ᠡ ᠶᠢᠨ ᠳᠠᠷᠤᠭ᠎ᠠ᠂ ᠡᠯ᠎ᠡ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠣᠯᠭᠠᠯᠴᠠᠭ᠎ᠠ ᠶᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠲᠡᠷᠢᠭᠦᠨ ᠢᠨᠵᠧᠨᠧᠷᠢᠩ ᠪᠣᠯᠭᠠᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠷᠠᠯᠵᠢᠶᠠᠴᠢᠨ ᠤᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠶᠢᠨ ᠢᠶᠠᠨ ᠣᠳᠣᠬᠢ ᠪᠠᠶᠢᠳᠠᠯ ᠪᠣᠯᠣᠨ ᠰᠠᠭᠤᠷᠢ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠬᠢᠵᠠᠭᠠᠷᠯᠠᠬᠤ ᠪᠣᠭᠤᠮᠢ ᠶᠢ ᠦᠷᠭᠦᠯᠵᠢᠯᠡᠨ ᠮᠥᠷᠳᠡᠵᠦ᠂ ᠲᠣᠳᠣᠷᠬᠠᠢ ᠣᠶᠢᠯᠠᠭᠠᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠯ ᠢ ᠰᠠᠶᠢᠲᠤᠷ ᠲᠣᠬᠢᠷᠠᠭᠤᠯᠵᠤ᠂ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠵᠦ᠂ ᠠᠵᠤ ᠦᠢᠯᠡᠰ ᠤᠨ ᠳᠡᠭᠡᠳᠦ ᠤᠷᠤᠰᠬᠠᠯ ᠪᠠ ᠳᠣᠣᠷᠠᠳᠤ ᠤᠷᠤᠰᠬᠠᠯ ᠤᠨ ᠲᠣᠭᠤᠷᠢᠨ ᠳᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯ ᠢ ᠰᠠᠶᠢᠲᠤᠷ ᠬᠢᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ ᠂ ᠬᠡᠯᠬᠢᠶ᠎ᠡ ᠶᠢᠨ ᠳᠠᠪᠠᠭᠤᠯᠢᠭ ᠢ ᠪᠦᠬᠦ ᠲᠠᠯ᠎ᠠ ᠪᠠᠷ ᠪᠠᠳᠠᠷᠠᠭᠤᠯᠵᠤ᠂ ᠠᠵᠤ ᠠᠬᠤᠢ ᠶᠢᠨ ᠪᠠᠶᠢᠳᠠᠯ ᠢ ᠪᠤᠵᠠᠭᠠᠶᠢᠷᠠᠭᠤᠯᠬᠤ ᠬᠡᠷᠡᠭᠲᠡᠢ᠃ᠡᠭᠦᠨ ᠤ ᠬᠠᠮᠲᠤ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠷᠠᠯᠵᠢᠶᠠᠴᠢᠨ ᠤᠷᠢᠬᠤ ᠠᠵᠢᠯ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠲᠥᠰᠥᠯ ᠲᠠᠢ ᠬᠠᠷᠢᠴᠠᠭᠤᠯᠤᠨ᠂ ᠡᠭᠦᠷᠭᠡ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠪᠥᠬᠦ ᠣᠷᠣᠨ ᠤ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠢ ᠲᠦᠯᠬᠢᠨ ᠠᠬᠢᠭᠤᠯᠬᠤ ᠳᠤᠮᠳᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠴᠦᠨ ᠢ ᠴᠢᠷᠮᠠᠶᠢᠨ ᠡᠷᠭᠦᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃ ᠪᠦᠬᠦ ᠬᠤᠰᠢᠭᠤᠨ ᠤ ᠡᠯ᠎ᠡ ᠬᠦᠷᠢᠶᠡᠨ ᠳᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠠᠮᠤᠷ ᠲᠦᠪᠰᠢᠨ ᠪᠠᠶᠢᠬᠤ ᠦᠭᠡᠢ ᠪᠣᠯ ᠬᠥᠭᠵᠢᠯᠲᠡ ᠪᠠᠶᠢᠬᠤ ᠦᠭᠡᠢ ᠭᠡᠬᠦ ᠠᠵᠢᠯ ᠤᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠢᠳᠡᠪᠬᠢᠲᠡᠢ ᠠᠷᠭᠠᠴᠠᠨ ᠰᠡᠷᠭᠡᠶᠢᠯᠡᠵᠦ᠂ ᠶᠡᠭᠡ ᠲᠣᠬᠢᠶᠠᠯᠳᠤᠮᠵᠢ ᠶᠢᠨ ᠰᠡᠳᠬᠢᠬᠦᠢ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠴᠢᠩᠭ᠎ᠠ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号