ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠠᠶᠠᠷ ᠬᠥᠷ ᠲᠠᠢ | ᠥᠯᠵᠡᠢ ᠪᠡᠯᠭᠡ ᠲᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠶᠢᠨ | ᠲᠥᠯᠥᠭᠡ᠂ 6 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠪᠢᠳᠡᠨ ᠤ | ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠭᠤᠣᠯ ᠰᠡᠳᠦᠪᠲᠦ ᠠᠵᠢᠯᠯᠠᠭ᠎ᠠ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠲᠡᠮᠤᠷᠲᠠᠢ ᠪᠠᠯᠭᠠᠰᠤᠨ ᠤ ᠵᠧᠨ ᠰᠢᠨ ᠲᠣᠰᠬᠤᠨ ᠳᠤ ᠶᠠᠪᠤᠭᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠶᠣᠯ ᠵᠤᠭᠠᠴᠠᠯ ᠤᠨ ᠲᠣᠪᠴᠢᠶ᠎ᠠ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠶᠢᠨ ᠯᠢᠩ ᠨᠢᠶᠠᠨ ᠬᠤᠸᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠠᠬᠠᠮᠠᠳ | ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠶᠢᠨ ᠪᠠᠭ᠎ᠠ ᠬᠤᠪᠢᠶᠠᠷᠢ ᠠᠩᠭᠢ ᠵᠢᠴᠢ ᠲᠦᠮᠡᠳ ᠲᠠᠢ | ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠠᠵᠢᠯᠯᠠᠭ᠎ᠠ ᠳᠤ ᠣᠷᠣᠯᠴᠠᠵᠠᠢ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠭᠯᠠᠭᠴᠢᠳ ᠲᠣᠰᠬᠤᠨ ᠤ ᠠᠷᠠᠳ ᠲᠤ ᠡᠯ ᠷᠧᠨ | ᠵᠤᠸᠠᠩ᠂ ᠪᠥᠵᠢᠭ᠂ ᠤᠷᠠᠨ ᠤᠩᠰᠢᠯᠭ᠎ᠠ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠯᠢ ᠤᠯᠠᠨ | ᠭᠤᠶᠢᠳᠠ ᠰᠠᠶᠢᠬᠠᠨ ᠲᠣᠭᠯᠠᠯᠲᠠ ᠶᠢ ᠲᠣᠭᠯᠠᠵᠤ᠂ ᠲᠤᠬᠠᠢ ᠶᠢᠨ ᠲᠠᠯᠠᠪᠠᠢ ᠶᠢᠨ ᠶᠡᠭᠡ ᠨᠠᠶᠢᠷᠠᠯ ᠳᠠᠭᠤᠤ︽ᠡᠪ ᠬᠠᠮᠲᠤ | ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ᠭᠡᠬᠦ ᠳᠠᠭᠤᠤ ᠶᠢᠨ ᠲᠣᠭᠯᠠᠯᠲᠠ ᠨᠢ | ᠨᠡᠩ ᠴᠤ ᠠᠵᠢᠯᠯᠠᠭ᠎ᠠ ᠶᠢ ᠤᠷᠬᠢᠯ ᠳᠤᠨᠢ ᠬᠦᠷᠭᠡᠵᠡᠢ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠭᠡᠷ ᠲᠡᠭᠡᠨ ᠬᠤᠴᠣᠷᠤᠭᠰᠠᠨ ᠨᠠᠰᠤᠲᠠᠨ᠂ ᠠᠬᠠᠮᠠᠳ ᠨᠠᠮ ᠤᠨ | ᠭᠡᠰᠢᠭᠦᠨ ᠪᠣᠯᠣᠨ ᠵᠡᠮᠳᠡᠭᠴᠦᠳ ᠤᠨ ᠭᠡᠷ ᠲᠤ ᠬᠦᠷᠴᠦ ᠰᠤᠷᠪᠤᠯᠵᠢᠯᠠᠨ᠂ ᠲᠡᠳᠡᠨ ᠳᠤ ᠽᠦᠩᠽᠢ ᠬᠦᠷᠭᠡᠵᠦ᠂ | ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ | ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠲᠠᠯᠠᠪᠠᠶ ᠳᠤ ᠲᠡᠳᠡᠨ ᠳᠤ ᠳᠠᠭᠤᠤ ᠳᠠᠭᠤᠯᠠᠬᠤ ᠲᠣᠭᠯᠠᠯᠲᠠ ᠭᠠᠷᠭᠠᠵᠤ | ᠂ ᠲᠡᠳᠡᠨ ᠳᠤ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠪᠠ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ | ᠪᠠᠶᠢᠨ᠎ᠠ᠃ | | ᠲᠤᠰ ᠤᠳᠠᠭᠠᠨ ᠤ ᠠᠵᠢᠯᠯᠠᠭ᠎ᠠ ᠶᠢ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠶᠡᠷᠦᠩᠬᠡᠶᠢᠯᠡᠨ ᠠᠳᠬᠤᠵᠤ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠲᠤ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠠᠵᠢᠯᠯᠠᠭ᠎ᠠ ᠪᠠᠷ ᠠᠴᠢᠶᠠᠯᠠᠪᠤᠷᠢ | ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠨ ᠡᠷᠡᠭᠦᠯ ᠤᠬᠠᠭᠤᠯᠭ᠎ᠠ ᠶᠢ ᠠᠵᠢᠯᠯᠠᠭ᠎ᠠ ᠶᠢᠨ ᠪᠥᠬᠦ | ᠶᠠᠪᠤᠴᠠ᠂ ᠡᠯ᠎ᠡ ᠲᠠᠯ᠎ᠠ ᠳᠤ ᠠᠭᠤᠰᠬᠠᠨ ᠣᠷᠣᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠭᠰᠠᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠰᠣᠯᠢᠯᠴᠠᠭ᠎ᠠ ᠶᠢ ᠴᠢᠩᠭᠠᠳᠬᠠᠵᠤ᠂ ᠣᠯᠠᠨ ᠲᠦᠮᠡᠨ ᠳᠤ ᠵᠣᠯ ᠵᠢᠷᠭᠠᠯ ᠪᠠᠶᠠᠷ ᠪᠠᠶᠠᠰᠤᠯ ᠢ ᠡᠳ᠋ᠯᠡᠭᠦᠯᠬᠦ ᠶᠢᠨ ᠬᠠᠮᠲᠤ | ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠡᠳ᠋ᠯᠡᠭᠦᠯᠦᠭᠰᠡᠨ ᠪᠠᠶᠢᠨ᠎ᠠ᠃ | | ︽ᠥᠨᠥᠳᠥᠷ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠲᠣᠭᠯᠠᠬᠤ ᠪᠠᠷ ᠢᠷᠡᠭᠰᠡᠨ ᠲᠣᠭᠯᠠᠯᠲᠠ ᠶᠢ | ᠮᠠᠨ ᠤ ᠠᠷᠠᠳ ᠲᠦᠮᠡᠨ ᠴᠥᠮ ᠪᠠᠭ᠋ᠠᠷᠬᠠᠵᠤ ᠪᠠᠶᠢᠨ᠎ᠠ᠂ ᠮᠠᠰᠢ ᠨᠠᠷᠢᠨ ᠬᠢᠨᠠᠮᠠᠭᠠᠢ ᠪᠥᠭᠡᠳ ᠭᠤᠶᠢᠳᠠ ᠰᠠᠶᠢᠬᠠᠨ | ᠲᠣᠭᠯᠠᠵᠤ ᠪᠠᠶᠢᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠮᠠᠨ ᠤ ᠲᠣᠰᠬᠤᠨ ᠳᠤ ᠳᠠᠬᠢᠨ ᠢᠷᠡᠵᠦ | ᠲᠣᠭᠯᠠᠬᠤ ᠶᠢ ᠪᠠᠶᠠᠷᠯᠠᠨ ᠤᠭᠲᠤᠵᠤ ᠪᠠᠶᠢᠨ᠎ᠠ︾ ᠲᠡᠮᠤᠷᠲᠠᠢ ᠪᠠᠯᠭᠠᠰᠤ ᠶᠢᠨ ᠵᠧᠨ ᠰᠢᠨ ᠲᠣᠰᠬᠤᠨ ᠤ ᠠᠷᠠᠳ ᠯᠢ | ᠱᠦ ᠴᠢᠩ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠢᠨ ᠯᠢᠩ ᠨᠢᠶᠠᠨ ᠬᠤᠸᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠳᠠᠭᠠᠭᠤᠯᠤᠭᠴᠢ ᠶᠠᠩ ᠹᠦ᠋ ᠵᠢᠶᠦ᠋ᠨ ᠰᠣᠷᠪᠤᠯᠵᠢᠯᠠᠭ᠎ᠠ ᠶᠢ ᠬᠦᠯᠢᠶᠡᠨ ᠠᠪᠬᠤ ᠦᠶᠡᠰ᠄ | ︽ᠮᠠᠨ ᠤ ᠡᠨᠡ ᠤᠳᠠᠭᠠᠨ ᠤ ᠲᠣᠭᠯᠠᠯᠲᠠ ᠶᠢᠨ ᠵᠣᠷᠢᠯᠲᠠ ᠪᠣᠯ ᠳᠠᠷᠤᠢ ᠨᠠᠮ ᠤᠨ ᠳᠠᠭᠤᠨ ᠢ ᠦᠨᠳᠦᠰᠦᠨ | ᠱᠠᠲᠤᠨ ᠳᠤ ᠬᠦᠷᠭᠡᠵᠦ᠂ ᠣᠯᠠᠨ ᠲᠦᠮᠡᠨ ᠳᠤ ᠥᠭᠴᠦ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠭᠳᠡᠯ ᠪᠠ | ᠬᠦᠷᠲᠡᠮᠵᠢ ᠶᠢᠨ ᠰᠡᠳᠬᠢᠭᠳᠡᠯ ᠢ ᠨᠡᠮᠡᠭᠳᠡᠭᠦᠯᠬᠦ ᠶᠢᠨ ᠲᠥᠯᠥᠭᠡ ᠶᠤᠮ᠂ ᠪᠢᠳᠡ ᠪᠠᠰᠠ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠮᠠᠨ ᠤ ᠬᠥᠳᠡᠭᠡ ᠪᠠᠭᠤᠬᠤ ᠠᠵᠢᠯᠯᠠᠭ᠎ᠠ ᠪᠠᠨ ᠨᠡᠩ ᠰᠠᠶᠢᠨ ᠬᠢᠬᠦ ᠬᠡᠷᠡᠭᠲᠡᠢ︾ ᠭᠡᠵᠡᠢ᠃ | | |