ᠮᠠᠨ ᠤ ᠤᠯᠤᠰ ᠤᠨ ᠰᠢᠨ᠎ᠡ ᠪᠠᠷ ᠡᠭᠦᠰᠦᠭᠰᠡᠨ ᠠᠵᠢᠯ ᠤᠨ ᠨᠥᠯᠥᠭᠡᠨ ᠤ ᠡᠪᠡᠳᠴᠢᠨ ᠤ ᠮᠡᠳᠡᠭᠦᠯᠦᠯᠲᠡ ᠶᠢᠨ ᠡᠪᠡᠳᠴᠢᠨ ᠤ ᠵᠢᠱᠢᠶ᠎ᠡ ᠶᠢᠨ ᠲᠤᠭ᠎ᠠ
ᠨᠡᠶᠢᠲᠡᠯᠡᠭᠰᠡᠨ ᠴᠠᠭ᠄
2023/6/20
         ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 15  ᠤ ᠴᠠᠬᠢᠯᠭᠠᠨ ᠮᠡᠳᠡᠭᠡ ᠠᠴᠠ︵ᠰᠤᠷᠪᠤᠯᠵᠢᠯᠠᠭᠴᠢ ᠬᠦ᠋ ᠲᠢᠶᠠᠨ ᠴᠧᠩ ᠯᠢ ᠾᠧᠩ︶ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠥᠳᠡᠯᠮᠦᠷᠢ ᠶᠢᠨ ᠬᠥᠮᠥᠨ ᠠᠮᠠ ᠪᠠᠷ ᠬᠠᠮᠤᠭ ᠤᠨ ᠤᠯᠠᠨ ᠤᠯᠤᠰ ᠤᠨ ᠨᠢᠭᠡ ᠪᠣᠯᠣᠨ᠎ᠠ᠃ ᠣᠶᠢᠷ᠎ᠠ ᠶᠢᠨ ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠰᠢᠨ᠎ᠡ ᠪᠠᠷ ᠡᠭᠦᠰᠦᠭᠰᠡᠨ ᠠᠵᠢᠯ ᠤᠨ ᠨᠥᠯᠥᠭᠡᠨ ᠤ ᠡᠪᠡᠳᠴᠢᠨ ᠤ ᠮᠡᠳᠡᠭᠦᠯᠦᠯᠲᠡ ᠶᠢᠨ ᠡᠪᠡᠳᠴᠢᠨ ᠤ ᠵᠢᠱᠢᠶ᠎ᠡ ᠶᠢᠨ ᠲᠤᠭ᠎ᠠ 58% ᠪᠠᠷ ᠪᠠᠭᠤᠷᠠᠵᠤ᠂ ᠲᠤᠬᠠᠶᠢᠯᠠᠭᠰᠠᠨ ᠠᠵᠢᠯ ᠤᠨ ᠴᠢᠨᠠᠷᠲᠠᠢ ᠠᠭᠤᠰᠬᠢᠨ ᠤ ᠲᠣᠭᠤᠰᠣᠲᠤ ᠡᠪᠡᠳᠴᠢᠨ ᠤ ᠮᠡᠳᠡᠭᠦᠯᠦᠯᠲᠡ ᠶᠢᠨ ᠡᠪᠡᠳᠴᠢᠨ ᠤ ᠵᠢᠱᠢᠶ᠎ᠡ ᠶᠢᠨ ᠲᠤᠭ᠎ᠠ 67% ᠪᠠᠷ ᠪᠠᠭᠤᠷᠠᠪᠠ ᠁ ᠡᠭᠦᠨ ᠢ ᠰᠤᠷᠪᠤᠯᠵᠢᠯᠠᠭᠴᠢ 15 ᠤ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠶᠤᠮ᠃          ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠵᠤᠷᠭᠠᠨ ᠤ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ ᠳ᠋ᠦᠩ ᠢᠯᠡᠷᠬᠡᠶᠢᠯᠡᠬᠦ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠰᠢᠰᠲ᠋ᠧᠮ ᠪᠠ ᠬᠢᠨᠠᠨ ᠬᠠᠮᠢᠶᠠᠷᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠵᠡᠢ᠃ ᠭᠡᠪᠡᠴᠦ ᠡᠭᠦᠨ ᠤ ᠵᠡᠷᠭᠡᠴᠡᠭᠡᠪᠡᠷ᠂ ᠮᠠᠨ ᠤ ᠤᠯᠤᠰ ᠮᠥᠨ ᠯᠡ ᠬᠤᠳᠠ ᠪᠠᠯᠭᠠᠰᠤᠵᠢᠯᠲᠠ᠂ ᠠᠵᠤ ᠦᠢᠯᠡᠳᠪᠦᠷᠢᠵᠢᠯᠲᠡ ᠶᠢᠨ ᠲᠦᠷᠭᠡᠨ ᠬᠥᠭᠵᠢᠯᠲᠡ ᠶᠢᠨ ᠱᠠᠲᠤᠨ ᠳᠤ ᠣᠷᠣᠰᠢᠵᠤ᠂ ᠠᠵᠢᠯᠯᠠᠬᠤ ᠲᠠᠯᠠᠪᠤᠷ ᠲᠤ ᠪᠠᠰᠠ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠪᠠᠷᠢᠮᠵᠢᠶ᠎ᠠ ᠠᠴᠠ ᠬᠡᠲᠦᠷᠡᠭᠰᠡᠨ ᠵᠡᠷᠭᠡ ᠲᠦᠭᠡᠮᠡᠯ ᠦᠵᠡᠭᠳᠡᠯ ᠣᠷᠣᠰᠢᠵᠤ᠂ ᠰᠡᠷᠭᠡᠶᠢᠯᠡᠨ ᠵᠠᠰᠠᠬᠤ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠨ᠎ᠠ᠃          ᠣᠶᠢᠯᠠᠭᠠᠭᠰᠠᠨ ᠢᠶᠠᠷ᠂ ᠮᠠᠨ ᠤ ᠤᠯᠤᠰ ᠨᠢᠭᠡᠨᠲᠡ ᠠᠵᠢᠯ ᠤᠨ ᠨᠥᠯᠥᠭᠡᠨ ᠤ ᠡᠪᠡᠳᠴᠢᠨ ᠵᠢᠴᠢ ᠬᠤᠣᠷ ᠬᠥᠨᠥᠭᠡᠯ ᠲᠠᠢ ᠬᠦᠴᠦᠨ ᠵᠦᠢᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠬᠦ ᠰᠢᠶᠠᠨ ᠲᠣᠭᠤᠷᠢᠭ ᠤᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃ 2019 ᠣᠨ ᠠᠴᠠ ᠨᠠᠰᠢ᠂ ᠪᠥᠬᠦ ᠤᠯᠤᠰ ᠲᠤ ᠬᠥᠮᠥᠨ ᠬᠡᠷᠡᠭᠯᠡᠬᠦ ᠨᠢᠭᠡᠴᠡ ᠶᠢ ᠨᠡᠶᠢᠲᠡ 24.7 ᠲᠦᠮᠡ ᠬᠢᠨᠠᠨ ᠬᠡᠮᠵᠢᠵᠦ᠂ ᠬᠥᠳᠡᠯᠮᠦᠷᠢᠴᠢᠨ ᠢ 4263 ᠲᠦᠮᠡᠨ ᠬᠥᠮᠥᠨ ᠤᠳᠠᠭ᠎ᠠ ᠬᠠᠮᠤᠷᠴᠠᠢ᠂ ᠡᠭᠦᠨ ᠳᠤ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠲᠠᠢ ᠬᠦᠴᠦᠨ ᠵᠦᠢᠯ ᠲᠠᠢ ᠣᠶᠢᠷᠠᠲᠤᠭᠰᠠᠨ ᠬᠥᠳᠡᠯᠮᠦᠷᠢᠴᠢᠨ 1889 ᠲᠦᠮᠡᠨ ᠬᠥᠮᠥᠨ ᠤᠳᠠᠭ᠎ᠠ ᠪᠠᠶᠢᠨ᠎ᠠ᠃ᠡᠭᠦᠨ ᠤ ᠬᠠᠮᠲᠤ᠂ ᠪᠥᠬᠦ ᠤᠯᠤᠰ ᠤᠨ ᠲᠣᠭᠤᠰᠣᠲᠤ ᠲᠣᠭᠤᠰᠣᠨ ᠤ ᠬᠤᠣᠷ ᠬᠥᠨᠥᠭᠡᠯ ᠢᠶᠠᠷ ᠬᠦᠨᠳᠦ ᠨᠣᠴᠢᠲᠠᠢ ᠪᠤᠶᠤ ᠲᠣᠭᠤᠰᠣᠲᠤ ᠠᠭᠤᠰᠬᠢ ᠶᠢᠨ ᠡᠪᠡᠳᠴᠢᠲᠡᠨ ᠲᠥᠪᠯᠡᠷᠡᠭᠰᠡᠨ 500 ᠰᠢᠶᠠᠨ ᠲᠣᠭᠤᠷᠢᠭ ᠲᠤ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠬᠥᠳᠡᠯᠮᠦᠷᠢᠴᠢᠳ ᠲᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ 52 ᠲᠦᠮᠡ ᠭᠠᠷᠤᠢ ᠬᠥᠮᠥᠨ ᠤᠳᠠᠭ᠎ᠠ ᠰᠦᠢᠳᠬᠡᠯ ᠬᠤᠷᠢᠶᠠᠬᠤ ᠦᠭᠡᠢ ᠪᠠᠷ ᠥᠷᠨᠢᠭᠦᠯᠵᠦ᠂ ᠬᠥᠳᠡᠯᠮᠦᠷᠢᠴᠢᠳ ᠤᠨ ᠲᠣᠭᠤᠰᠣᠲᠤ ᠠᠭᠤᠰᠬᠢ ᠶᠢᠨ ᠬᠡᠯᠪᠡᠷᠢ ᠶᠢᠨ ᠬᠤᠪᠢᠷᠠᠯᠲᠠ ᠶᠢᠨ ᠨᠣᠷᠮ᠎ᠠ ᠨᠢ ᠪᠠᠷᠤᠭ 1% ᠶᠢ ᠡᠵᠡᠯᠡᠵᠦ ᠪᠠᠶᠢᠬᠤ ᠶᠢ ᠣᠯᠵᠤ ᠮᠠᠲᠠᠵᠠᠢ᠃          ᠸᠠᠩ ᠵᠢᠶᠠᠨ ᠳ᠋ᠦᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠭᠦᠨ ᠨᠢᠭᠡᠴᠡ ᠲᠠᠢ ᠬᠠᠮᠲᠤ ᠪᠠᠷ ᠡᠯ᠎ᠡ ᠭᠠᠵᠠᠷ ᠤᠨ ᠠᠬᠢᠴᠠ ᠶᠢᠨ ᠪᠠᠶᠢᠳᠠᠯ ᠬᠢᠭᠡᠳ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ  ᠳᠤᠨᠢ ᠳ᠋ᠦᠩᠨᠡᠨ ᠵᠠᠳᠠᠯᠵᠤ᠂ ᠠᠷᠭᠠᠴᠠᠬᠤ ᠠᠷᠭ᠎ᠠ ᠬᠡᠮᠵᠢᠶ᠎ᠡ ᠶᠢ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠮᠡᠷᠭᠡᠵᠢᠯ ᠤᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠠᠶᠢᠲᠤᠷ ᠬᠢᠨ᠎ᠡ ᠭᠡᠵᠡᠢ᠃          ︽ᠬᠠᠷᠢᠭᠤᠴᠠᠯᠭᠠᠲᠤ ᠨᠠᠶᠢᠷᠠᠭᠤᠯᠤᠭᠴᠢ᠄ ᠰᠦᠨ ᠬᠤᠢ︾
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号