ᠲᠤᠯᠤᠭᠠᠨᠬᠤᠳᠳᠤᠭ ᠰᠤᠮᠤ ᠪᠣᠯ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠬᠤᠶᠠᠷᠬᠠᠨ ᠰᠤᠮᠤᠨ ᠤ ᠨᠢᠭᠡ ᠪᠠᠶᠢᠵᠤ᠂ ᠬᠠᠷᠢᠶᠠᠲᠤ ᠣᠷᠣᠨ ᠤ ᠲᠠᠯᠠᠪᠠᠶ ᠨᠢ 510 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ 6 ᠲᠣᠰᠬᠤᠨ ᠤ ᠠᠷᠠᠳ ᠤᠨ ᠵᠥᠪᠯᠡᠯ ᠪᠠ 2 ᠭᠠᠴᠠᠭᠠᠨ ᠤ ᠵᠥᠪᠯᠡᠯ ᠢ | ᠬᠠᠷᠢᠶᠠᠯᠠᠳᠠᠭ᠃ ᠪᠥᠬᠦ ᠰᠤᠮᠤᠨ ᠤ ᠲᠠᠩᠰᠠᠨ ᠳᠤ ᠪᠠᠶᠢᠭ᠎ᠠ 8170 ᠡᠷᠦᠬᠡ 17794 ᠬᠥᠮᠥᠨ᠂ ᠪᠠᠶᠢᠩᠭᠤ | ᠰᠠᠭᠤᠭ᠎ᠠ ᠬᠥᠮᠥᠨ ᠠᠮᠠ 2378 ᠡᠷᠦᠬᠡ 4692 ᠬᠥᠮᠥᠨ᠂ ᠴᠥᠭᠡᠨ ᠲᠣᠭᠠᠲᠤ ᠦᠨᠳᠦᠰᠦᠲᠡᠨ ᠤ ᠬᠥᠮᠥᠨ | ᠠᠮᠠ ᠶᠢᠨ ᠳᠣᠲᠣᠷ᠎ᠠ ᠮᠣᠩᠭᠤᠯ ᠦᠨᠳᠦᠰᠦᠲᠡᠨ ᠣᠯᠠᠨ ᠪᠠᠶᠢᠵᠤ᠂ ᠲᠠᠩᠰᠠᠨ ᠳᠤ ᠪᠠᠶᠢᠭ᠎ᠠ 680 ᠡᠷᠦᠬᠡ 1699 | ᠬᠥᠮᠥᠨ ᠪᠠᠶᠢᠵᠤ᠂ ᠡᠭᠦᠨ ᠠᠴᠠ ᠭᠠᠳᠠᠨ᠎ᠠ ᠬᠤᠲᠣᠩ᠂ ᠮᠠᠨᠵᠤ᠂ ᠵᠤᠸᠠᠩ᠂ ᠢ᠂ ᠲᠦᠩ᠂ ᠪᠦᠶ᠋ᠢ ᠦᠨᠳᠦᠰᠦᠲᠡᠨ ᠤ | ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ 40 ᠬᠥᠮᠥᠨ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠶᠠᠷ ᠤᠳᠠᠭ᠎ᠠ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ | ᠪᠠᠶᠢᠴᠠᠭᠠᠨ ᠰᠤᠳᠤᠯᠤᠯᠲᠠ ᠬᠢᠵᠦ᠂ ᠲᠠᠪᠤᠨ ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠢᠷᠡᠭᠡᠳᠦᠢ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠲᠤᠯᠤᠭᠠᠨᠬᠤᠳᠳᠤᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠭᠡᠬᠦ ᠡᠨᠡᠬᠦ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠪᠠᠲᠤ ᠡᠵᠡᠮᠳᠡᠨ ᠪᠠᠬᠢᠵᠢᠭᠦᠯᠵᠦ᠂ ᠰᠣᠶᠣᠯ ᠢ | ᠮᠡᠳᠡᠷᠡᠬᠦ ᠡᠨᠡᠬᠦ ︽ᠦᠨᠳᠦᠰᠦ︾ ᠪᠠ ︽ᠰᠦᠭ ᠰᠦᠨᠡᠰᠦ︾ ᠶᠢ ᠴᠢᠩᠭ᠎ᠠ ᠠᠳᠬᠤᠵᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠦᠵᠡᠯ ᠰᠠᠨᠠᠭ᠎ᠠ ᠤᠯᠤᠰ | ᠲᠥᠷᠥ ᠪᠠᠷ ᠬᠥᠲᠥᠯᠥᠨ ᠳᠠᠭᠠᠭᠤᠯᠬᠤ᠂ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠬᠦ᠂ ᠨᠡᠶᠢᠭᠡᠮ ᠢ ᠡᠶ᠎ᠡ | ᠵᠣᠬᠢᠴᠠᠯ ᠲᠠᠢ ᠳᠠᠪᠰᠢᠭᠤᠯᠬᠤ ᠶᠢ ᠨᠢᠭᠡᠳᠦᠯᠲᠡᠢ ᠲᠥᠯᠥᠪᠯᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠡᠭᠦᠳᠦᠨ ᠪᠠᠶᠢᠭᠤᠯᠬᠤ ᠭᠤᠣᠯ ᠰᠡᠳᠦᠪ ᠢ ᠳᠣᠪᠤᠶᠢᠯᠭᠠᠵᠤ᠂ ᠡᠭᠦᠳᠦᠨ ᠪᠠᠶᠢᠭᠤᠯᠬᠤ ᠴᠢᠭᠯᠡᠯ ᠢ ᠪᠠᠲᠤᠳᠬᠠᠬᠤ᠂ | ᠡᠭᠦᠳᠦᠨ ᠪᠠᠶᠢᠭᠤᠯᠬᠤ ᠠᠭᠤᠯᠤᠭᠳᠠᠬᠤᠨ ᠢ ᠭᠦᠨᠵᠡᠭᠡᠶᠢᠷᠡᠭᠦᠯᠬᠦ᠂ ᠡᠭᠦᠳᠦᠨ ᠪᠠᠶᠢᠭᠤᠯᠬᠤ ᠬᠡᠯᠪᠡᠷᠢ ᠶᠢ | ᠪᠠᠶᠠᠯᠢᠭᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠨ ᠦᠷ᠎ᠡ ᠪᠦᠲᠦᠮᠵᠢ ᠣᠯᠬᠤ ᠪᠠ ︽ᠪᠣᠳᠠᠰ ᠢ ᠤᠮᠳᠠᠯᠠᠬᠤ | ᠲᠠᠭᠤ ᠦᠭᠡᠢ︾ ᠪᠠᠶᠢᠬᠤ ᠶᠢ ᠵᠡᠷᠭᠡ ᠳᠤᠨᠢ ᠴᠢᠬᠤᠯᠠᠴᠢᠯᠠᠵᠤ᠂ ᠪᠥᠬᠦ ᠰᠤᠮᠤᠨ ᠤ ᠦᠨᠳᠦᠰᠦᠲᠡᠨ ᠨᠦᠭᠦᠳ ᠤᠨ ᠣᠯᠠᠨ | ᠲᠦᠮᠡᠨ ᠢ ᠳᠠᠭᠠᠭᠤᠯᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠦᠷ᠎ᠡ ᠠᠰᠢᠭ ᠨᠢ ᠰᠡᠳᠬᠢᠯ ᠨᠢᠭᠡᠲᠡᠢ | ᠦᠨᠳᠦᠰᠦᠲᠡᠨ ᠤ ᠪᠦᠯᠬᠦᠮᠳᠡᠯ ᠤᠨ ᠰᠢᠨ᠎ᠡ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠬᠡᠷᠡᠭᠲᠡᠢ᠃ 2017 | ᠣᠨ ᠳᠤ᠂ ᠰᠤᠮᠤ ᠨᠢ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠨᠢᠭᠡᠴᠡ︾ ᠪᠠᠷ ᠨᠡᠷᠡᠶᠢᠳᠦᠭᠳᠡᠪᠡ︔ᠴᠠᠭᠠᠨ ᠪᠤᠯᠠᠭ ᠭᠠᠴᠠᠭ᠎ᠠ 2020 ᠣᠨ ᠪᠠ 2023 ᠣᠨ ᠳᠤ | ᠤᠷᠢᠳ ᠬᠤᠵᠢᠳ ᠪᠥᠬᠦ ᠬᠤᠰᠢᠭᠤᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ︾ | ᠪᠠ ᠪᠥᠬᠦ ᠬᠤᠲᠠ ᠶᠢᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠭᠠᠴᠠᠭ᠎ᠠ︾ ᠶᠢ ᠢᠷᠠᠭᠤ ᠠᠯᠳᠠᠷᠲᠠᠢ ᠪᠠᠷ ᠭᠥᠷᠳᠡᠵᠦ᠂ ᠨᠢᠭᠡ ᠬᠥᠮᠥᠨ ᠬᠤᠲᠠ᠂ ᠬᠤᠰᠢᠭᠤᠨ ᠤ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ︾ ᠢ ᠢᠷᠠᠭᠤ ᠠᠯᠳᠠᠷᠲᠠᠢ ᠪᠠᠷ | ᠭᠥᠷᠳᠡᠪᠡ︔2021 ᠣᠨ ᠳᠤ᠂ ᠨᠥᠬᠦᠭᠡᠲᠦ ᠲᠣᠰᠬᠤᠨ ᠤ ᠠᠷᠠᠳ ᠤᠨ ᠵᠥᠪᠯᠡᠯ ᠪᠦᠬᠦ | ᠬᠤᠳᠠ ᠶᠢᠨ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠲᠣᠰᠬᠤᠨ︾ | ︾ ᠢ ᠢᠷᠠᠭᠤ ᠠᠯᠳᠠᠷᠲᠠᠢ ᠪᠠᠷ ᠬᠦᠷᠲᠡᠵᠡᠢ᠃ | ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠬᠢᠵᠢᠭᠦᠯᠵᠦ᠂ ᠭᠤᠣᠯ ᠱᠤᠭᠤᠮ ᠢ ᠴᠢᠩᠭ᠎ᠠ ᠠᠳᠬᠤᠨ | ᠦᠷ᠎ᠡ ᠪᠦᠲᠦᠮᠵᠢ ᠶᠢ ᠠᠳᠬᠤᠵᠤ ᠡᠭᠦᠳᠦᠨ ᠪᠠᠶᠢᠭᠤᠯᠬᠤ ᠭᠤᠣᠯ ᠵᠢᠭᠰᠠᠭᠠᠯ ᠤᠨ ᠭᠠᠵᠠᠷ ᠢ ᠪᠠᠬᠢᠵᠢᠭᠦᠯᠦᠨ᠎ᠡ | ᠭᠠᠴᠠᠭ᠎ᠠ ᠲᠣᠰᠬᠤᠨ ᠪᠣᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠮᠤᠭ ᠤᠨ ᠪᠠᠭ᠎ᠠ | ᠡᠰ ᠪᠠ ᠦᠨᠳᠦᠰᠦᠨ ᠨᠢᠭᠡᠴᠡ ᠪᠣᠯᠬᠤ ᠪᠥᠭᠡᠳ ᠪᠠᠰᠠ ᠴᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠬᠢᠵᠦ ᠪᠣᠳᠠᠲᠠᠶᠢᠵᠢᠭᠤᠯᠬᠤ ᠶᠢᠨ ᠭᠤᠣᠯ ᠵᠢᠭᠰᠠᠭᠠᠯ ᠤᠨ ᠭᠠᠵᠠᠷ ᠪᠠ | ᠲᠤᠰᠤᠯᠲᠠ ᠶᠢᠨ ᠭᠠᠵᠠᠷ ᠪᠣᠯᠣᠨ᠎ᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠨᠢᠭᠡ ᠴᠣᠭᠴᠠᠵᠢᠭᠤᠯᠤᠨ ᠠᠷᠭ᠎ᠠ | ᠰᠦᠪᠡᠭᠴᠢᠯᠡᠨ ᠠᠬᠢᠭᠤᠯᠵᠤ᠂ ᠠᠵᠢᠯ ᠤᠨ ᠬᠦᠴᠦᠯᠡᠬᠦ ᠴᠡᠭ ᠢ︽ᠬᠠᠮᠤᠭ ᠤᠨ ᠡᠮᠦᠨ᠎ᠡ ᠹᠷᠣᠨᠲ︾ ᠲᠤ ᠲᠠᠯᠪᠢᠵᠤ᠂ | ᠨᠠᠮ ᠤᠨ ᠭᠡᠰᠢᠭᠦᠨ ᠺᠠᠳ᠋ᠷ ᠢ ᠬᠠᠮᠤᠭ ᠤᠨ ᠦᠨᠳᠦᠰᠦᠨ ᠱᠠᠲᠤᠨ ᠳᠤ ᠪᠠᠭᠤᠯᠭᠠᠵᠤ᠂ ᠶᠡᠷᠦᠩᠬᠡᠢ ᠬᠠᠷᠠᠯᠲᠠ ᠲᠠᠢ ᠨᠢᠭᠲᠠ | ᠤᠶᠠᠯᠳᠤᠭᠤᠯᠤᠨ᠂ ᠶᠡᠷᠦᠩᠬᠡᠢ ᠴᠢᠭᠯᠡᠯ ᠢ ᠴᠢᠩᠭ᠎ᠠ ᠠᠩᠬᠠᠷᠴᠤ᠂ ︽ᠡᠩ ᠤᠨ ᠪᠠᠶᠢᠳᠠᠯ ᠢ ᠰᠠᠶᠢᠲᠤᠷ ᠠᠳᠬᠤᠵᠤ᠂ | ᠠᠵᠢᠯᠯᠠᠭ᠎ᠠ ᠶᠢ ᠴᠢᠬᠤᠯᠠᠴᠢᠯᠠᠵᠤ᠂ ᠰᠡᠳᠬᠢᠯ ᠢᠶᠠᠷ ᠰᠡᠳᠬᠢᠯ ᠢᠶᠠᠨ ᠰᠣᠯᠢᠬᠤ︾ᠠᠵᠢᠯ ᠤᠨ ᠣᠶᠢᠯᠠᠭᠠᠭᠳᠠᠬᠤᠨ ᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠤᠮᠤ ᠶᠢ ᠴᠢᠷᠮᠠᠶᠢᠨ | ᠴᠣᠭᠴᠠᠯᠠᠪᠠ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ ᠢ ᠰᠢᠯᠢᠳᠡᠭ ᠢ ᠨᠢ ᠰᠣᠩᠭᠤᠨ | ᠲᠣᠬᠢᠷᠠᠭᠤᠯᠵᠤ᠂ ᠦᠨᠳᠦᠰᠦᠨ ᠱᠠᠲᠤᠨ ᠳᠤ ᠰᠣᠩᠭᠤᠨ ᠰᠢᠯᠵᠢᠭᠦᠯᠬᠦ ᠰᠤᠷᠤᠭᠴᠢ ᠶᠢ ᠲᠤᠰᠢᠶᠠᠯ ᠡᠭᠦᠷᠭᠡᠯᠡᠭᠦᠯᠦᠨ | ᠪᠣᠯᠪᠠᠰᠤᠷᠠᠭᠤᠯᠵᠤ ᠮᠥᠷᠳᠡᠨ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠰᠤᠮᠤ ᠶᠢᠨ ᠨᠠᠮ ᠵᠠᠰᠠᠭ ᠤᠨ ᠳᠡᠳ᠋ | ᠲᠤᠰᠢᠶᠠᠯ ᠲᠠᠢ ᠤᠳᠤᠷᠢᠳᠬᠤ ᠺᠠᠳ᠋ᠷ᠂ ᠭᠠᠴᠠᠭ᠎ᠠ ᠲᠣᠰᠬᠤᠨ ᠤ ᠪᠠᠶᠠᠵᠢᠨ ᠴᠢᠨᠡᠭᠡᠯᠢᠭᠵᠢᠬᠦ ᠴᠢᠳᠠᠪᠤᠷᠢᠲᠠᠨ ᠢ ᠵᠢᠭᠠᠨ | ᠵᠢᠯᠤᠭᠤᠳᠬᠤ ᠪᠠᠭᠰᠢ ᠪᠠᠷ ᠰᠣᠩᠭᠤᠨ ᠲᠣᠮᠢᠯᠠᠵᠤ᠂ ᠦᠨᠳᠦᠰᠦᠨ ᠱᠠᠲᠤᠨ ᠤ ᠬᠢᠴᠢᠶᠡᠯ ᠤᠨ ᠲᠠᠩᠬᠢᠮ ᠳᠤ | ᠰᠣᠷᠣᠭᠴᠢ ᠶᠢᠨ ᠠᠮᠢᠳᠤᠷᠠᠯ ᠤᠨ ᠰᠡᠳᠦᠪ ᠢ ᠦᠢᠯᠡᠳᠦᠯᠭᠡᠵᠢᠭᠦᠯᠬᠦ ᠶᠢ ᠵᠢᠭᠠᠨ ᠵᠢᠯᠤᠭᠤᠳᠴᠤ᠂ ᠨᠢᠭᠡ ᠪᠦᠯᠦᠭ | ᠣᠷᠭᠢᠯᠤᠮ᠎ᠠ ᠰᠡᠳᠬᠢᠯᠭᠡ ᠲᠠᠢ ᠠᠮᠢᠵᠢᠷᠠᠯ ᠤᠨ ᠬᠦᠴᠦᠨ ᠲᠠᠢ᠂ ᠪᠣᠳᠠᠲᠠᠢ ᠠᠵᠢᠯᠯᠠᠬᠤ ᠳᠠᠭᠠᠨ ᠬᠠᠷᠢᠭᠤᠴᠠᠯᠭ᠎ᠠ ᠲᠠᠢ | ᠰᠢᠯᠢᠳᠡᠭ ᠪᠡᠯᠡᠳᠬᠡᠯ ᠺᠠᠳ᠋ᠷ ᠢ ᠪᠣᠶ ᠪᠣᠯᠭᠠᠨ ᠬᠥᠮᠥᠵᠢᠭᠦᠯᠵᠦ᠂ ᠦᠨᠳᠦᠰᠦᠨ ᠱᠠᠲᠤᠨ ᠤ ᠨᠠᠮ ᠤᠨ ᠡᠭᠦᠷ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠦᠴᠦᠨ᠂ ᠰᠢᠨ᠎ᠡ ᠶᠢ ᠡᠭᠦᠳᠬᠦ ᠬᠦᠴᠦᠨ ᠪᠠ ᠦᠢᠯᠡᠴᠢᠯᠡᠬᠦ ᠬᠦᠴᠦᠨ ᠢ | ᠦᠨᠳᠦᠰᠦᠨ ᠠᠴᠠ ᠨᠢ ᠳᠡᠭᠡᠭᠰᠢᠯᠡᠭᠦᠯᠬᠦ ᠬᠡᠷᠡᠭᠲᠡᠢ᠃ | | ᠰᠠᠨ ᠳ᠋ᠣᠣ ᠸᠠᠨ ᠲᠣᠰᠬᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠤᠨ | ᠴᠣᠩᠬᠤ ᠪᠠᠷ ᠨᠠᠮ ᠤᠨ ᠡᠭᠦᠷ ᠤᠨ ᠱᠦᠵᠢ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠡᠳᠦᠨ | ᠡᠳᠦᠷ ᠳᠠᠷᠠᠭᠠᠯᠠᠨ ᠲᠣᠰᠬᠤᠨ ᠤ ᠠᠷᠠᠳ ᠪᠦᠬᠡ ᠶᠢᠨ ᠬᠡᠪ ᠤᠨ ᠪᠤᠰᠤ ᠪᠠᠶᠢᠳᠠᠯ ᠲᠠᠢ ᠪᠠᠶᠢᠬᠤ ᠶᠢ ᠣᠯᠵᠤ ᠬᠠᠷᠠᠵᠤ᠂ | ᠲᠡᠭᠦᠨ ᠤ ᠭᠡᠷ ᠤᠨ ᠵᠢᠳᠬᠦᠭᠦᠷ ᠲᠡᠷᠭᠡ ᠠᠴᠠ ᠴᠣᠬᠤᠢ ᠪᠣᠯᠣᠨ ᠠᠷᠪᠠᠨ ᠬᠡᠳᠦᠨ ᠬᠤᠷᠠᠭ᠎ᠠ ᠶᠢ ᠴᠢᠷᠦᠨ ᠠᠭᠤᠯᠠᠨ | ᠬᠤᠷᠮᠣᠢ ᠳᠤ ᠶᠠᠪᠤᠬᠤ ᠶᠢ ᠣᠯᠵᠤ ᠬᠠᠷᠠᠳᠠᠭ᠃ ᠪᠦᠬᠡ ᠶᠢᠨ ᠬᠡᠪ ᠤᠨ ᠪᠤᠰᠤ ᠠᠵᠢᠯᠯᠠᠭ᠎ᠠ ᠨᠢ ᠤᠯᠠᠨ ᠤ ᠰᠡᠳᠬᠢᠯ ᠢ | ᠪᠤᠳᠤᠭᠰᠠᠭᠠᠷ ᠢᠷᠡᠵᠠᠢ᠂ ᠰᠡᠭᠦᠯᠡᠷ ᠨᠢ ᠨᠠᠮ ᠤᠨ ᠡᠭᠦᠷ ᠤᠨ ᠭᠡᠰᠢᠭᠦᠳ ᠪᠦᠬᠡ ᠶᠢᠨ ᠭᠡᠷ ᠲᠤ ᠬᠦᠷᠴᠦ ᠪᠠᠶᠢᠳᠠᠯ ᠢ | ᠣᠶᠢᠯᠠᠭᠠᠪᠠ᠂ ᠤᠤᠯ ᠨᠢ ᠲᠡᠳᠡᠨ ᠤ ᠬᠤᠷᠠᠭ᠎ᠠ ᠨᠢ ᠬᠡᠳᠦᠨ ᠡᠳᠦᠷ ᠤᠨ ᠡᠮᠦᠨ᠎ᠡ ᠠᠴᠠ ᠰᠢᠯᠲᠠᠭᠠᠨ ᠨᠢ ᠮᠡᠳᠡᠭᠳᠡᠬᠦ | ᠦᠭᠡᠢ ᠪᠠᠷ ᠶᠡᠭᠡ ᠬᠡᠮᠵᠢᠶ᠎ᠡ ᠪᠠᠷ ᠦᠬᠦᠵᠦ᠂ ᠪᠤᠰᠤᠳ ᠲᠣᠰᠬᠤᠨ ᠤ ᠠᠷᠠᠳ ᠤᠨ ᠬᠤᠷᠠᠭ᠎ᠠ ᠳᠤ ᠶᠡᠭᠡ ᠬᠡᠪᠴᠢᠶ᠎ᠡ ᠪᠠᠷ | ᠬᠠᠯᠳᠠᠪᠤᠷᠢᠯᠠᠬᠤ ᠠᠴᠠ ᠰᠡᠷᠭᠡᠶᠢᠯᠡᠬᠦ ᠶᠢᠨ ᠲᠥᠯᠥᠭᠡ᠂ ᠲᠡᠷᠡ ᠦᠬᠦᠭᠰᠡᠨ ᠬᠤᠷᠠᠭ᠎ᠠ ᠪᠠᠨ ᠲᠣᠪ ᠳᠤᠭᠤᠢ ᠪᠠᠷ | ᠪᠠᠺᠲ᠋ᠧᠷᠢ ᠶᠢ ᠨᠢ ᠠᠯᠠᠵᠤ ᠤᠰᠠᠳᠬᠠᠬᠤ ᠠᠴᠠ ᠥᠭᠡᠷ᠎ᠡ ᠠᠷᠭ᠎ᠠ ᠦᠭᠡᠢ ᠪᠣᠯᠵᠠᠢ᠃ᠤᠴᠢᠷ ᠰᠢᠯᠲᠠᠭᠠᠨ ᠢ ᠨᠢ | ᠮᠡᠳᠡᠭᠰᠡᠨ ᠤ ᠲᠠᠷᠠᠭ᠎ᠠ᠂ ᠲᠣᠰᠬᠤᠨ ᠤ ᠨᠠᠮ ᠤᠨ ᠡᠭᠦᠷ ᠡᠷᠡᠰ ᠰᠢᠭᠤᠷᠬᠠᠢ ᠪᠠᠷ ᠬᠥᠳᠡᠯᠦᠯᠴᠡᠵᠦ᠂ ᠬᠤᠰᠢᠭᠤᠨ ᠤ ᠮᠠᠯ | ᠠᠵᠤ ᠠᠬᠤᠢ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠠᠢ︽ᠬᠥᠳᠡᠭᠡ ᠪᠠᠭᠤᠵᠤ | ᠬᠠᠮᠲᠤᠷᠠᠨ ᠣᠨᠣᠰᠢᠯᠠᠬᠤ︾ ᠪᠠᠷ ᠬᠠᠷᠢᠯᠴᠠᠵᠤ᠂ ᠬᠤᠷᠠᠭ᠎ᠠ ᠢᠰᠢᠭᠡᠨ ᠤ ᠠᠮᠢᠳᠤ ᠨᠡᠬᠡᠳᠡᠰᠦ ᠶᠢ ᠪᠠᠶᠢᠴᠠᠭᠠᠵᠤ ᠰᠢᠨᠵᠢᠯᠡᠨ | ᠪᠠᠶᠢᠴᠠᠭᠠᠭᠰᠠᠨ ᠤ ᠲᠠᠷᠠᠭ᠎ᠠ᠂ ᠦᠬᠦᠭᠦᠯᠦᠭᠰᠡᠨ ᠰᠢᠯᠲᠠᠭᠠᠨ ᠢ ᠪᠠᠶᠢᠴᠠᠭᠠᠨ ᠲᠣᠳᠣᠯᠠᠵᠤ᠂ ᠡᠮ ᠤᠨ ᠡᠮᠴᠢᠯᠡᠭᠡ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠬᠦᠭᠦᠯᠦᠭᠰᠡᠨ ᠨᠤᠷᠮ᠎ᠠ ᠶᠢ ᠪᠦᠲᠦᠮᠵᠢᠲᠡᠢ ᠬᠢᠵᠠᠭᠠᠷᠯᠠᠪᠠ᠃ ᠰᠤᠮᠤᠨ ᠤ | ᠵᠠᠰᠠᠭ ᠤᠨ ᠣᠷᠳᠣᠨ ᠠᠴᠠ ᠲᠡᠵᠢᠭᠡᠨ ᠦᠷᠡᠵᠢᠭᠦᠯᠬᠦ ᠦᠢᠯᠡᠰ ᠤᠨ ᠬᠤᠬᠢᠷᠠᠯ ᠨᠡᠯᠢᠶᠡᠳ ᠶᠡᠭᠡ ᠪᠠᠶᠢᠬᠤ ᠶᠢ | ᠪᠣᠳᠣᠯᠬᠢᠯᠠᠵᠤ᠂ ᠭᠠᠮᠰᠢᠭ ᠠᠴᠠ ᠠᠪᠤᠷᠠᠬᠤ ᠨᠥᠬᠦᠪᠦᠷᠢ ᠭᠤᠶᠤᠴᠢᠯᠠᠬᠤ ᠳᠤᠨᠢ ᠬᠡᠰᠡᠭ ᠠᠵᠤ ᠠᠬᠤᠢ ᠶᠢᠨ ᠬᠤᠬᠢᠷᠠᠯ ᠢ | ᠨᠥᠬᠦᠪᠦᠷᠢᠯᠡᠵᠦ᠂ ᠭᠠᠴᠠᠭᠠᠨ ᠤ ᠨᠠᠮ ᠤᠨ ᠡᠭᠦᠷ ᠠᠴᠠ ᠲᠡᠭᠦᠨ ᠳᠤ ᠰᠦᠢᠳᠬᠡᠯ ᠬᠤᠷᠢᠶᠠᠬᠤ ᠦᠭᠡᠢ ᠪᠠᠷ | ᠠᠷᠢᠭᠤᠳᠬᠠᠬᠤ ᠡᠮ ᠭᠤᠶᠤᠴᠢᠯᠠᠨ ᠥᠭᠴᠦ᠂ ᠲᠡᠳᠡᠨ ᠢ ᠬᠠᠪᠰᠤᠷᠤᠨ ᠬᠠᠰᠢᠶ᠎ᠠ ᠰᠠᠷᠠᠪᠴᠢ ᠶᠢ ᠨᠢ ᠤᠰᠠᠳᠬᠠᠪᠠ᠃ | ᠪᠦᠬᠡ ︽ᠬᠤᠶᠠᠷ ᠵᠥᠪᠯᠡᠯ︾ ᠤᠨ ᠭᠡᠰᠢᠭᠦᠳ ᠤᠨ ᠭᠠᠷ ᠢ ᠪᠠᠷᠢᠵᠤ᠄ ︽ᠪᠢ ᠬᠡᠳᠦᠶᠢᠪᠡᠷ ᠲᠠᠷᠢᠶᠠᠯᠠᠬᠤ ᠣᠷᠣᠨ ᠳᠤ | ᠠᠮᠢᠳᠤᠷᠠᠵᠤ ᠪᠠᠶᠢᠭ᠎ᠠ︽ᠴᠥᠭᠡᠨ ᠲᠣᠭᠠᠲᠠᠨ︾ᠪᠣᠯᠪᠠᠴᠤ ᠭᠡᠷ ᠮᠡᠲᠦ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ | ᠭᠥᠷᠳᠡᠭᠰᠡᠨ᠂︽ᠴᠥᠭᠡᠨ ᠲᠣᠭᠠᠲᠠᠨ︾ ᠪᠤᠯᠪᠠᠴᠦ ᠬᠠᠶᠢᠷ᠎ᠠ ᠲᠤᠳᠠᠭᠳᠠᠬᠤ ᠦᠬᠡᠢ ᠭᠡᠵᠦ ᠰᠡᠳᠬᠢᠯ ᠳᠣᠭᠳᠣᠯᠤᠨ | ᠬᠡᠯᠡᠵᠡᠢ᠃ | | ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠰᠤᠮᠤᠨ | ᠠᠴᠠ ᠪᠠᠰᠠ ᠲᠤᠬᠠᠢ ᠶᠢᠨ ᠭᠠᠵᠠᠷ ᠤᠨ ᠤᠬᠠᠭᠤᠯᠭ᠎ᠠ ᠪᠠ ᠵᠠᠭᠤᠴᠢᠯᠠᠭᠤᠷ ᠤᠨ ᠤᠬᠠᠭᠤᠯᠭ᠎ᠠ ᠶᠢᠨ ︽ᠬᠤᠶᠠᠷ | ᠵᠢᠭᠰᠠᠭᠠᠯ ᠤᠨ ᠭᠠᠵᠠᠷ︾ ᠢ ᠪᠠᠶᠢᠭᠤᠯᠤᠨ ᠬᠦᠴᠦᠷᠬᠡᠭᠵᠢᠭᠦᠯᠬᠦ ᠶᠢ ᠪᠠᠷᠢᠮᠲᠠᠯᠠᠪᠠ᠃ᠡᠨᠡ ᠵᠢᠯ ᠡᠯ᠎ᠡ ᠭᠠᠴᠠᠭ᠎ᠠ | ᠲᠣᠰᠬᠤᠨ ︽ᠬᠥᠳᠡᠭᠡ ᠲᠣᠰᠬᠤᠨ ᠤ ᠰᠥᠨᠢ ᠶᠢᠨ ᠰᠤᠷᠭᠠᠭᠤᠯᠢ︾ ᠡᠷᠭᠢᠯᠡᠬᠦ ᠪᠠᠷ ᠳᠠᠮᠵᠢᠭᠤᠯᠤᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠲᠤ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠦᠨᠳᠦᠰᠦᠲᠡᠨ | ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ︾ ᠵᠡᠷᠭᠡ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ | ᠭᠠᠷ ᠳᠡᠪᠲᠡᠷ ᠤᠨ ᠮᠠᠲ᠋ᠧᠷᠢᠶᠠᠯ ᠢ 4000 ᠭᠠᠷᠤᠢ ᠬᠤᠪᠢ ᠲᠠᠷᠬᠠᠭᠠᠵᠤ᠂ ᠭᠤᠣᠯ ᠪᠣᠯᠬᠤ ᠭᠠᠵᠠᠷ ᠤᠨ ᠴᠢᠬᠤᠯᠠ | ᠪᠠᠶᠢᠷᠢ ᠵᠢᠴᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠦᠨᠳᠦᠰᠦᠲᠡᠨ ᠤ ᠪᠦᠯᠬᠦᠮᠳᠡᠯ ᠤᠨ | ᠲᠠᠰᠤᠭ ᠤᠨ ᠳᠣᠲᠣᠨ᠎ᠠ ᠭᠠᠳᠠᠨᠠᠬᠢ ᠤᠬᠠᠭᠤᠯᠭ᠎ᠠ ᠶᠢᠨ ᠰᠠᠮᠪᠠᠷ᠎ᠠ ᠶᠢ ᠦᠢᠯᠡᠳᠦᠨ ᠤᠭᠰᠠᠷᠠᠵᠤ᠂ ᠭᠦᠨ ᠵᠤᠵᠠᠭᠠᠨ | ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ | ᠤᠩᠰᠢᠯᠭ᠎ᠠ ᠶᠢᠨ ᠲᠠᠰᠤᠭ ᠤᠨ ᠴᠢᠳᠠᠮᠵᠢ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠠᠮᠢᠶ᠎ᠠ ᠪᠦᠬᠦᠢ ᠨᠣᠮ ᠪᠢᠴᠢᠭ ᠢ ᠢᠯᠡ ᠪᠠᠶᠢᠷᠢᠨ ᠳᠤ ᠳᠡᠯᠭᠡᠨ ᠲᠠᠯᠪᠢᠵᠤ᠂ ᠣᠯᠠᠨ ᠡᠰᠢᠲᠦ ᠰᠣᠶᠣᠯ ᠤᠨ | ᠠᠴᠢᠶᠠᠯᠠᠪᠤᠷᠢ ᠶᠢ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠤᠬᠠᠭᠤᠯᠭ᠎ᠠ ᠶᠢᠨ | ᠨᠣᠮ ᠤᠨ ᠥᠷᠥᠭᠡ 8 ᠶᠢ ᠪᠠᠶᠢᠭᠤᠯᠤᠨ᠎ᠠ᠃ᠵᠠᠭᠤᠨ ᠬᠥᠮᠥᠨ ᠤ ᠠᠯᠪᠠᠨ ᠵᠢᠷᠤᠮ ᠤᠨ ︽ᠪᠦᠯᠬᠦᠮᠳᠡᠯ ᠤᠨ ᠣᠶ︾ ᠶᠢ | ᠬᠠᠮᠲᠤ ᠪᠠᠷ ᠳᠠᠷᠢᠬᠤ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ | 1495 ᠰᠠᠭᠤᠷᠢ ︽ᠪᠦᠯᠬᠦᠮᠳᠡᠯ ᠤᠨ ᠮᠣᠳᠣ︾ ᠶᠢ ᠰᠤᠮᠤᠨ ᠳᠤ ︽ᠨᠤᠲᠤᠭᠰᠢᠭᠤᠯᠵᠤ︾᠂ ᠠᠮᠢᠵᠢᠷᠠᠯ ᠤᠨ | ᠬᠦᠴᠦᠨ ᠢ ᠨᠢ ᠪᠠᠳᠠᠷᠠᠭᠤᠯᠪᠠ᠃ᠡᠯ᠎ᠡ ᠭᠠᠴᠠᠭ᠎ᠠ ᠲᠣᠰᠬᠤᠨ ᠤ ᠬᠢᠨ ᠪᠠᠰᠠ ᠲᠣᠰᠬᠤᠨ ᠤ ᠳᠡᠰ ᠤᠨ ᠪᠦᠷᠢᠶ᠎ᠡ ᠪᠠᠷ | ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠢ ᠤᠬᠠᠭᠤᠯᠤᠨ ᠨᠡᠪᠲᠡᠷᠡᠭᠦᠯᠬᠦ ᠴᠡᠭ ᠢ 8 ᠪᠠᠶᠢᠭᠤᠯᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠲᠣᠰᠬᠤᠨ ᠤ ᠠᠷᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠬᠠᠮᠢᠶ᠎ᠠ ᠪᠦᠬᠦᠢ ᠮᠡᠳᠡᠯᠭᠡ ᠶᠢ ᠨᠠᠪᠲᠠᠷᠡᠭᠦᠯᠵᠦ᠂ ᠣᠶᠢᠷ᠎ᠠ ᠶᠢᠨ ᠬᠤᠭᠤᠴᠠᠭᠠᠨ ᠤ ᠦᠨᠳᠦᠰᠦᠲᠡᠨ ᠤ | ᠪᠦᠯᠬᠦᠮᠳᠡᠯ ᠤᠨ ᠠᠵᠢᠯᠯᠠᠭ᠎ᠠ ᠶᠢᠨ ᠰᠠᠷ᠎ᠠ ᠶᠢᠨ ᠬᠠᠮᠢᠶ᠎ᠠ ᠪᠦᠬᠦᠢ ᠠᠵᠢᠯᠯᠠᠭ᠎ᠠ ᠶᠢᠨ ᠠᠭᠤᠯᠭ᠎ᠠ ᠶᠢ ᠤᠬᠠᠭᠤᠯᠵᠤ᠂ | ᠲᠣᠰᠬᠤᠨ ᠤ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠲᠡᠭᠡᠭᠰᠢᠯᠡᠬᠦᠯᠤᠨ᠎ᠡ᠃ | | ᠠᠨᠠᠷ ᠤᠨ ᠦᠷ᠎ᠡ ᠰᠢᠭ ᠲᠡᠪᠡᠷᠢᠯᠳᠦᠪᠡᠯ ᠰᠠᠯᠵᠤ ᠪᠣᠯᠣᠰᠢ ᠦᠭᠡᠢ ᠨᠢᠭᠲᠠ ᠬᠤᠯᠪᠣᠭ᠎ᠠ ᠲᠠᠢ | ︽ᠲᠠᠪᠢᠨ ᠵᠢᠷᠭᠤᠭᠠᠨ ᠣᠳᠣᠨ ᠣᠷᠣᠨ ᠲᠠᠪᠢᠨ ᠵᠢᠷᠭᠤᠭᠠᠨ ᠴᠡᠴᠡᠭ᠂ ᠲᠠᠪᠢᠨ ᠵᠢᠷᠭᠤᠭᠠᠨ | ᠦᠨᠳᠦᠰᠦᠲᠡᠨ ᠤ ᠠᠬ᠎ᠠ ᠳᠡᠭᠦᠦ ᠡᠭᠡᠴᠢ ᠥᠬᠢᠨ ᠳᠡᠭᠦᠦ ᠪᠣᠯ ᠨᠢᠭᠡ ᠭᠡᠷ ᠮᠥᠨ ᠁︾᠂ ︽3 · 8︾ ᠤ | ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ᠂ ᠰᠤᠮᠤ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠲᠡᠷᠢᠭᠦᠯᠡᠭᠴᠢ ᠪᠥᠬᠦ ᠰᠤᠮᠤ ᠶᠢᠨ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ | ᠲᠥᠯᠥᠭᠡᠯᠡᠭᠴᠢᠳ ᠢ ᠳᠠᠭᠠᠭᠤᠯᠤᠨ ︽ᠳᠤᠮᠳᠠᠳᠤ ᠪᠠᠨ ᠬᠠᠶᠢᠷᠠᠯᠠᠨ᠎ᠠ︾ ᠭᠡᠬᠦ ᠲᠠᠭᠤᠨ ᠢ ᠥᠨᠳᠥᠷ ᠲᠠᠭᠤᠨ ᠢᠶᠠᠷ | ᠳᠠᠭᠤᠯᠠᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠡᠳᠬᠢᠯ ᠨᠢᠭᠡᠳᠦᠨ ᠨᠠᠮ ᠳᠠᠭᠠᠨ ᠬᠠᠨᠳᠤᠵᠤ | ᠪᠠᠶᠢᠭ᠎ᠠ ᠰᠡᠳᠬᠢᠯ ᠤᠨ ᠲᠠᠭᠤᠨ ᠢ ᠬᠠᠩᠭᠢᠨᠠᠮ᠎ᠠ ᠰᠠᠶᠢᠬᠠᠨ ᠳᠠᠭᠤᠤ ᠪᠠᠷ ᠳᠠᠮᠵᠢᠭᠤᠯᠵᠤ ᠪᠠᠶᠢᠯ᠎ᠠ᠃︽ᠨᠢᠭᠡ ᠬᠤᠶᠠᠷ᠂ | ᠴᠢᠷᠮᠠᠢ︕ ᠨᠢᠭᠡ ᠬᠤᠶᠠᠷ᠂ ᠴᠢᠷᠮᠠᠢ︕︾ ᠭᠡᠵᠦ ᠬᠢᠨᠠᠭᠴᠢ ᠶᠢᠨ ᠱᠦᠭᠯᠦ ᠳᠤᠤᠭᠠᠷᠬᠤ ᠠᠭᠱᠠᠨ ᠳᠤ᠂ ᠲᠠᠯᠠᠪᠠᠢ ᠪᠠ | ᠲᠠᠯᠠᠪᠠᠢ ᠳᠣᠣᠷᠠᠬᠢ ᠣᠷᠭᠢᠯᠤᠮ᠎ᠠ ᠬᠠᠯᠠᠭᠤᠨ ᠰᠡᠳᠬᠢᠯᠭᠡ ᠬᠤᠷᠣᠮᠬᠠᠨ ᠵᠠᠭᠤᠷ᠎ᠠ ᠳᠦᠷᠡᠯᠵᠡᠵᠦ᠂ ᠲᠣᠰᠬᠤᠨ ᠤ | ᠠᠷᠠᠳ ᠤᠨ ᠲᠥᠯᠥᠭᠡᠯᠡᠭᠴᠢᠳ ᠳᠠᠭᠤᠨ ᠤ ᠠᠶᠠᠰ ᠢᠶᠠᠷ ᠬᠦᠴᠦᠯᠡᠵᠦ᠂ ᠠᠳᠠᠯᠢ ᠪᠤᠰᠤ ᠦᠨᠳᠦᠰᠦᠲᠡᠨ ᠨᠦᠭᠦᠳ | ᠨᠢᠭᠲᠠᠷᠠᠨ ᠪᠦᠯᠬᠦᠮᠳᠡᠵᠦ᠂ ᠤᠷᠳᠤ ᠳᠡᠭᠡᠰᠦᠨ ᠤ ᠦᠵᠦᠭᠦᠷ ᠢ ᠴᠢᠩᠭ᠎ᠠ ᠠᠳᠬᠤᠵᠤ᠂ ᠥᠪᠡᠷ ᠥᠪᠡᠷ ᠤᠨ ᠬᠠᠮᠲᠤ ᠶᠢᠨ | ᠢᠷᠠᠭᠤ ᠠᠯᠳᠠᠷ ᠤᠨ ᠢᠶᠠᠨ ᠲᠥᠯᠥᠭᠡ ᠬᠠᠮᠲᠤᠪᠠᠷ ᠬᠦᠴᠦᠯᠡᠪᠡ᠂ ᠡᠨᠡ ᠪᠣᠯ ᠨᠥᠬᠦᠭᠰᠡᠨ ᠲᠣᠰᠬᠤᠨ ᠤ ᠰᠣᠶᠣᠯ ᠤᠨ | ᠠᠵᠢᠯᠯᠠᠭ᠎ᠠ ᠶᠢᠨ ᠠᠭᠤᠳᠠᠮ ᠲᠠᠯᠠᠪᠠᠢ ᠳᠤ︽ᠡᠯᠪᠡᠭ ᠬᠤᠷᠢᠶᠠᠯᠲᠠ ᠶᠢᠨ ᠪᠠᠶᠠᠷ︾ ᠢ ᠪᠡᠯᠭᠡᠯᠡᠬᠦ ᠬᠦᠷ ᠬᠥᠭᠵᠢᠶᠡᠨ ᠲᠠᠢ | ᠪᠠᠶᠢᠳᠠᠯ ᠪᠣᠯᠣᠨ᠎ᠠ᠃ | | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠨᠢ︽ᠭᠠᠭᠴᠠ ᠬᠥᠮᠥᠨ ᠤ | ᠵᠦᠴᠦᠭᠡ︾ ᠪᠢᠰᠢ᠂ ᠬᠠᠷᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠬᠤ︽ᠨᠠᠶᠢᠷᠠᠯ ᠳᠠᠭᠤᠤ︾ ᠮᠥᠨ᠃ᠦᠨᠳᠦᠰᠦᠲᠡᠨ ᠤ ᠪᠦᠯᠬᠦᠮᠳᠡᠯ ᠤᠨ ᠡᠷᠬᠢᠮ ᠨᠢ ᠰᠣᠯᠢᠯᠴᠠᠨ | ᠠᠭᠤᠰᠤᠯᠴᠠᠵᠤ᠂ ᠬᠠᠷᠢᠯᠴᠠᠨ ᠬᠦᠨᠳᠦᠳᠬᠡᠬᠦ ᠳᠤ ᠪᠤᠢ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ | ᠭᠤᠷᠪᠠᠨ ᠦᠭᠡᠢ︾ ᠪᠠᠶᠢᠬᠤ ᠶᠢ ᠪᠠᠷᠢᠮᠲᠠᠯᠠᠨ ᠭᠦᠢᠴᠡᠳᠬᠡᠨ᠎ᠡ᠄ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠬᠦ ᠳᠤ ᠨᠢᠭᠡ ᠦᠨᠳᠦᠰᠦᠲᠡᠨ ᠢ ᠣᠷᠬᠢᠭᠳᠠᠭᠤᠯᠵᠤ ᠪᠣᠯᠬᠤ ᠦᠭᠡᠢ᠂ ᠪᠠᠶᠠᠷ ᠤᠨ ᠡᠳᠦᠷ ᠤᠨ ᠦᠪᠡᠳᠡᠭᠰᠢ ᠬᠤᠷᠠᠯ ᠢ | ᠬᠠᠮᠲᠤᠪᠠᠷ ᠬᠢᠬᠦ ᠳᠤ ᠨᠢᠭᠡ ᠦᠨᠳᠦᠰᠦᠲᠡᠨ ᠢ ᠳᠤᠲᠠᠭᠤᠯᠵᠤ ᠪᠣᠯᠬᠤ ᠦᠭᠡᠢ᠂ ᠬᠥᠭᠵᠢᠯᠲᠡ ᠶᠢᠨ ᠶᠡᠭᠡ ᠪᠣᠳᠣᠯᠭ᠎ᠠ ᠶᠢ | ᠬᠠᠮᠲᠤᠪᠠᠷ ᠵᠥᠪᠯᠡᠬᠦ ᠳᠤ ᠨᠢᠭᠡ ᠦᠨᠳᠦᠰᠦᠲᠡᠨ ᠢ ᠳᠤᠲᠠᠭᠤᠯᠵᠤ ᠪᠣᠯᠬᠤ ᠦᠭᠡᠢ᠃ ᠰᠢ ᠶᠢᠨ ᠫᠢᠩ ᠶᠡᠷᠦᠩᠬᠡᠢ | ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷᠡᠬᠢ ᠴᠢᠬᠤᠯᠠ ᠵᠢᠭᠠᠪᠤᠷᠢ ᠶᠢ ᠪᠠᠲᠤ | ᠴᠡᠭᠡᠵᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ | ᠠᠮᠢᠳᠤᠷᠠᠯ ᠤᠨ ᠣᠷᠴᠢᠨ ᠨᠥᠬᠦᠴᠡᠯ ᠢ ᠪᠠᠶᠢᠭᠤᠯᠬᠤ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠬᠠᠮᠲᠤ ᠪᠠᠷ | ᠴᠡᠩᠭᠡᠬᠦ᠂ ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠨᠡᠶᠢᠭᠡᠮ ᠤᠨ | ᠨᠥᠬᠦᠴᠡᠯ ᠢ ᠪᠤᠢ ᠪᠣᠯᠭᠠᠪᠠ᠃ ᠰᠤᠮᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠠᠨᠠᠷ ᠤᠨ ᠦᠷ᠎ᠡ | ᠰᠢᠭ ᠢᠶᠠᠷ ᠨᠢᠭᠲᠠᠷᠠᠨ ᠪᠦᠯᠬᠦᠮᠳᠡᠵᠦ᠂ ᠨᠡᠶᠢᠭᠡᠮ᠂ ᠠᠵᠤ ᠠᠬᠤᠢ᠂ ᠰᠣᠶᠣᠯ ᠵᠡᠷᠭᠡ ᠲᠠᠯ᠎ᠠ ᠪᠠᠷ ᠬᠠᠷᠢᠯᠴᠠᠨ ᠰᠢᠭᠢᠳᠦᠨ | ᠣᠷᠣᠵᠤ᠂ ᠶᠠᠪᠤᠯᠴᠠᠭ᠎ᠠ ᠰᠣᠯᠢᠯᠴᠠᠭ᠎ᠠ ᠨᠡᠩ ᠭᠦᠨ ᠵᠤᠵᠠᠭᠠᠨ ᠥᠷᠭᠡᠨ ᠳᠡᠯᠭᠡᠷ ᠪᠣᠯᠵᠤ᠂ ᠨᠢᠭᠡᠨᠲᠡ ᠴᠢᠨᠦ ᠳᠣᠲᠣᠷ᠎ᠠ | ᠪᠢ ᠪᠠᠶᠢᠬᠤ᠂ ᠮᠢᠨᠤ ᠳᠣᠲᠣᠷ᠎ᠠ ᠴᠢ ᠪᠠᠶᠢᠬᠤ ᠰᠠᠯᠵᠤ ᠪᠣᠯᠣᠰᠢ ᠦᠭᠡᠢ ᠨᠢᠭᠲᠠ ᠬᠤᠯᠪᠣᠭ᠎ᠠ ᠲᠠᠢ ᠬᠠᠮᠲᠤ ᠶᠢᠨ | ᠴᠣᠭᠴᠠ ᠶᠢ ᠪᠦᠷᠢᠯᠳᠦᠭᠦᠯᠵᠡᠢ᠃ | ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠢᠬᠤᠯᠠ ᠦᠨᠳᠦᠰᠦᠲᠡᠨ ᠤ ᠤᠯᠠᠮᠵᠢᠯᠠᠯᠲᠤ | ᠪᠠᠶᠠᠷ ᠤᠨ ᠡᠳᠦᠷ ᠲᠤ ᠣᠪᠣᠭ᠎ᠠ ᠳᠠᠬᠢᠬᠤ᠂ ᠨᠠᠭᠠᠳᠤᠮ ᠬᠢᠬᠦ ᠵᠡᠷᠭᠡ ᠤᠯᠠᠮᠵᠢᠯᠠᠯᠲᠤ ᠵᠠᠩ ᠦᠶᠯᠡ ᠶᠢᠨ ᠠᠵᠢᠯᠯᠠᠭ᠎ᠠ ᠶᠢ | ᠪᠠᠷᠢᠮᠲᠠᠯᠠᠨ᠂ ᠴᠢᠬᠤᠯᠠ ᠳᠤᠷᠠᠰᠬᠠᠯ ᠤᠨ ᠡᠳᠦᠷ ᠲᠤ ᠮᠣᠷᠢ ᠤᠷᠤᠯᠳᠤᠬᠤ᠂ ᠠᠷᠠᠳ ᠤᠨ ᠳᠠᠭᠤᠤ ᠳᠠᠭᠤᠯᠠᠬᠤ ᠵᠡᠷᠭᠡ | ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ | ᠠᠭᠤᠰᠤᠯᠴᠠᠯ ᠤᠨ ᠳᠤᠮᠳᠠ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠰᠣᠶᠣᠯ ᠤᠨ ᠦᠨ᠎ᠡ | ᠥᠷᠲᠡᠭ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠳᠤᠷᠠᠲᠠᠶ᠎ᠠ ᠣᠷᠣᠯᠴᠠᠬᠤ ᠲᠠᠪᠴᠠᠩ ᠢ ᠪᠣᠶ ᠪᠣᠯᠭᠠᠬᠤ ᠬᠡᠷᠡᠭᠲᠡᠢ᠃ᠤᠯᠠᠨ ᠲᠥᠯᠦᠪᠵᠢᠭᠦᠯᠭᠡ ᠶᠢ ᠨᠢᠭᠡᠳᠬᠡᠭᠰᠡᠨ ᠠᠶᠢᠯ | ᠲᠣᠰᠬᠤᠨ ᠢ ᠨᠡᠶᠢᠳᠬᠡᠬᠦ ᠪᠠᠷ ᠠᠵᠠ ᠲᠣᠬᠢᠶᠠᠯ ᠪᠣᠯᠭᠠᠵᠤ᠂ ᠦᠵᠡᠰᠬᠦᠯᠡᠩᠲᠦ ᠰᠠᠶᠢᠬᠠᠨ ᠰᠠᠭᠤᠷᠢᠰᠢᠬᠤ ᠳᠤ | ᠲᠣᠬᠢᠷᠠᠮᠵᠢᠲᠠᠢ ᠨᠡᠭᠦᠯᠭᠡᠨ ᠲᠥᠪᠬᠢᠨᠡᠭᠦᠯᠬᠦ ᠴᠡᠭ ᠢ ᠪᠠᠶᠢᠭᠤᠯᠵᠤ᠂ ᠤᠯᠠᠨ ᠦᠨᠳᠦᠰᠦᠲᠡᠨ ᠤ ᠬᠠᠮᠲᠤ ᠶᠢᠨ | ᠦᠢᠯᠡᠳᠪᠦᠷᠢᠯᠡᠯ ᠠᠮᠢᠳᠤᠷᠠᠯ ᠢ ᠠᠬᠢᠭᠤᠯᠵᠤ᠂ ᠤᠯᠠᠨ ᠦᠨᠳᠦᠰᠦᠲᠡᠨ ᠤ ᠬᠠᠮᠲᠤ ᠶᠢᠨ ᠰᠠᠭᠤᠷᠢᠰᠢᠯ ᠤᠨ ᠲᠠᠪᠴᠠᠩ ᠢ | ᠪᠠᠶᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ ᠲᠦᠷᠦᠭᠦᠯᠡᠨ ᠬᠤᠰᠢᠭᠤᠴᠢ ᠵᠢᠱᠢᠶᠡᠴᠢ | ᠦᠢᠯᠡᠳᠦᠯ ᠢᠶᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠬᠠᠮᠲᠤ ᠪᠠᠷ ᠰᠤᠷᠤᠯᠴᠠᠬᠤ | ᠲᠠᠪᠴᠠᠩ ᠢ ᠪᠤᠢ ᠪᠣᠯᠭᠠᠪᠠ᠃︽ᠭᠠᠷ ᠭᠠᠷ ᠢᠶᠠᠨ ᠬᠤᠯᠪᠣᠯᠴᠠᠬᠤ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ | ᠵᠡᠷᠭᠡ ᠨᠥᠬᠦᠷᠯᠡᠯ ᠤᠨ ᠠᠵᠢᠯᠯᠠᠭ᠎ᠠ ᠶᠢ ᠡᠷᠬᠢᠯᠡᠵᠦ᠂ ᠲᠤᠰ ᠭᠠᠵᠠᠷ ᠣᠷᠣᠨ ᠤ ᠪᠠᠨ ᠰᠢᠯᠢᠳᠡᠭ ᠠᠵᠤ ᠠᠬᠤᠶᠢᠯᠠᠯᠲᠠᠨ᠂ | ᠨᠤᠲᠤᠭ ᠤᠨ ᠡᠷᠳᠡᠮᠲᠡᠨ ᠴᠢᠳᠠᠪᠤᠷᠢᠲᠠᠨ ᠨᠠᠷ ᠢ ᠤᠷᠢᠵᠤ ᠨᠤᠲᠤᠭ ᠤᠰᠤ ᠪᠠᠨ ᠲᠡᠵᠢᠭᠡᠯᠭᠡᠵᠦ᠂ ᠬᠠᠮᠲᠤ ᠪᠠᠷ ᠴᠡᠴᠡᠭᠯᠡᠨ | ᠬᠥᠭᠵᠢᠬᠦ ᠲᠠᠪᠴᠠᠩ ᠢ ᠪᠠᠶᠢᠭᠤᠯᠵᠤ᠂ ᠬᠠᠮᠲᠤ ᠪᠠᠷ ᠴᠡᠴᠡᠭᠯᠡᠨ ᠬᠥᠭᠵᠢᠬᠦ ᠳᠤᠮᠳᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃ ᠴᠢᠯᠠᠭᠤᠨᠪᠠᠭᠠᠳᠤᠷ ᠪᠣᠯ ᠰᠤᠮᠤᠨ ᠠᠴᠠ | ᠭᠠᠷᠴᠤ ᠶᠠᠪᠤᠭᠰᠠᠨ ᠠᠯᠳᠠᠷᠲᠤ ᠠᠵᠤ ᠠᠬᠤᠶᠢᠯᠠᠯᠲᠠᠨ ᠶᠤᠮ᠂ ᠤᠯᠠᠨ ᠵᠢᠯ ᠤᠨ ᠲᠤᠷᠰᠢ ᠰᠤᠮᠤᠨ ᠤ ᠬᠥᠭᠵᠢᠯᠲᠡ | ᠲᠠᠪᠰᠢᠯᠳᠠ ᠶᠢ ᠬᠠᠯᠠᠮᠵᠢᠯᠠᠭᠰᠠᠭᠠᠷ ᠢᠷᠡᠵᠠᠢ᠃2022 ᠣᠨ ᠳᠤ᠂ ᠰᠤᠮᠤᠨ ᠳᠤ ᠭᠠᠩ ᠭᠠᠮᠰᠢᠭ ᠭᠠᠷᠴᠤ᠂ | ᠪᠡᠯᠴᠢᠭᠡᠷ ᠤᠨ ᠡᠪᠡᠰᠦᠨ ᠤ ᠪᠠᠶᠢᠳᠠᠯ ᠪᠠᠴᠢᠮ᠂ ᠡᠪᠡᠰᠦᠨ ᠤ ᠬᠡᠮᠵᠢᠶ᠎ᠡ ᠬᠦᠷᠦᠯᠴᠡᠬᠦ ᠦᠭᠡᠢ ᠪᠠᠶᠢᠪᠠ᠂ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠴᠠᠭᠠᠨ ᠪᠤᠯᠠᠭ ᠭᠠᠴᠠᠭ᠎ᠠ ᠳᠤ 8 ᠲᠦᠮᠡᠨ ᠲᠥᠭᠦᠷᠢᠭ | ᠬᠠᠨᠳᠢᠪᠯᠡᠵᠤ᠂ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠬᠡᠷᠡᠭᠯᠡᠭᠦᠯᠦᠨ᠂ ᠮᠠᠯᠴᠢᠨ ᠲᠠᠷᠢᠶᠠᠴᠢᠨ ᠤ ᠲᠤᠯᠭᠠᠮ᠎ᠠ | ᠪᠠᠶᠢᠳᠠᠯ ᠢ ᠰᠢᠢᠳᠪᠦᠷᠢᠯᠡᠵᠡᠢ᠃ᠡᠭᠦᠨ ᠤ ᠬᠠᠮᠲᠤ᠂ ᠲᠡᠷᠡ ᠪᠠᠰᠠ ᠰᠤᠮᠤᠨ ᠤ ᠰᠤᠷᠭᠠᠨ ᠬᠥᠮᠦᠵᠢᠯ ᠤᠨ ᠦᠢᠯᠡᠰ ᠲᠤ | ᠬᠠᠯᠠᠭᠤᠨ ᠰᠡᠳᠬᠢᠯᠭᠡ ᠲᠠᠢ ᠪᠠᠶᠢᠵᠤ᠂ ᠤᠯᠠᠨ ᠵᠢᠯ ᠤᠨ ᠲᠤᠷᠰᠢ ᠨᠠᠶᠢᠳᠠ 8 ᠴᠥᠭᠡᠨ ᠲᠣᠭᠠᠲᠤ ᠦᠨᠳᠦᠰᠦᠲᠡᠨ ᠪᠠ | 2 ᠬᠢᠲᠠᠳ ᠦᠨᠳᠦᠰᠦᠲᠡᠨ ᠤ ᠨᠤᠲᠤᠭ ᠤᠨ ᠣᠶᠤᠲᠠᠳ ᠢ ᠲᠤᠰᠠᠯᠠᠨ ᠰᠤᠷᠤᠯᠭ᠎ᠠ ᠶᠢ ᠨᠢ ᠠᠮᠵᠢᠯᠲᠠ ᠲᠠᠢ | ᠲᠡᠭᠦᠰᠬᠡᠵᠡᠢ᠃ | | ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠬᠠᠪᠰᠤᠷᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠵᠠᠮ ᠳᠡᠭᠡᠷ᠎ᠡ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ | ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠠᠷ | ᠭᠤᠣᠯᠳᠠᠯᠭ᠎ᠠ ᠪᠣᠯᠭᠠᠨ᠎ᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ | ᠱᠦᠵᠢ ᠶᠢᠨ ︽ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠤᠨ ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ᠂ ᠠᠯᠢ | ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾ ᠭᠡᠰᠡᠨ ᠴᠢᠩ ᠰᠡᠳᠬᠢᠯ ᠤᠨ ᠰᠤᠷᠭᠠᠯ ᠢ ᠢᠮᠠᠭᠲᠠ ᠪᠠᠲᠤ | ᠴᠡᠭᠡᠵᠢᠯᠡᠵᠦ᠂ ᠬᠥᠭᠵᠢᠯᠲᠡ ᠲᠠᠪᠰᠢᠯᠳᠠ ᠶᠢᠨ ᠭᠤᠣᠯ ᠰᠡᠳᠦᠪ ᠢ ᠪᠠᠲᠤ ᠡᠵᠡᠮᠳᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠶᠢᠨ | ᠠᠰᠢᠭ ᠢ ᠡᠳ᠋ᠯᠡᠭᠦᠯᠵᠦ᠂ ᠬᠥᠭᠵᠢᠯᠲᠡ ᠶᠢᠨ ᠦᠷ᠎ᠡ ᠪᠦᠲᠦᠮᠵᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠤᠶᠤᠨ ᠰᠠᠨᠠᠭᠠᠨ ᠤ ᠪᠣᠳᠠᠰ ᠤᠨ ᠰᠠᠭᠤᠷᠢ ᠶᠢ ᠪᠠᠬᠢᠵᠢᠭᠦᠯᠪᠡ᠃ ᠪᠦᠬᠦ ᠰᠤᠮᠤᠨ ᠤ ᠨᠠᠮ ᠣᠯᠠᠨ ᠲᠦᠮᠡᠨ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ | ᠮᠡᠳᠡᠷᠡᠵᠦ᠂ ᠨᠠᠮ ᠢᠶᠠᠨ ᠳᠠᠭᠠᠵᠤ᠂ ᠣᠨᠳᠣᠣ ᠭᠠᠵᠠᠷ ᠲᠤ ᠨᠡᠭᠦᠯᠭᠡᠬᠦ᠂ ᠨᠤᠷᠠᠬᠤ ᠠᠶᠤᠯᠲᠠᠢ ᠬᠠᠭᠤᠴᠢᠨ ᠰᠢᠷᠣᠢ ᠶᠢᠨ | ᠪᠠᠶᠢᠰᠢᠩ ᠢ ᠰᠢᠨᠡᠳᠬᠡᠨ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠰᠠᠶᠢᠵᠢᠷᠠᠭᠤᠯᠬᠤ᠂ ᠠᠵᠤ ᠦᠢᠯᠡᠰ ᠤᠨ ᠠᠵᠢᠯ ᠣᠯᠭᠤᠯᠲᠠ ᠶᠢ ᠲᠡᠳᠬᠦᠬᠦ᠂ ᠡᠷᠡᠭᠦᠯ ᠮᠡᠨᠳᠦ ᠶᠢᠨ ᠬᠥᠮᠦᠵᠢᠯ ᠢᠶᠠᠷ | ᠬᠠᠪᠰᠤᠷᠤᠨ ᠲᠡᠳᠬᠦᠬᠦ ᠵᠡᠷᠭᠡ ᠶᠠᠳᠠᠭᠤ ᠠᠴᠠ ᠠᠩᠭᠢᠵᠢᠷᠠᠭᠤᠯᠬᠤ ᠠᠯᠢ ᠤᠯᠠᠨ ᠪᠣᠭᠤᠮᠲᠠ ᠰᠢᠪᠲᠤᠯᠬᠤ ᠲᠦᠷᠦᠯ | ᠵᠦᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠨᠢᠭᠡ ᠪᠦᠯᠦᠭ ᠴᠡᠪᠡᠷᠯᠡᠭᠴᠢ᠂ ᠨᠣᠭᠤᠭᠠᠷᠠᠭᠤᠯᠤᠯᠲᠠ ᠶᠢᠨ | ᠬᠠᠮᠢᠶᠠᠷᠤᠭᠴᠢ ᠵᠡᠷᠭᠡ ᠭᠡᠷ ᠤᠨ ᠡᠭᠦᠳᠡᠨ ᠳᠤ ᠠᠵᠢᠯ ᠣᠯᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂︽ᠨᠡᠭᠦᠯᠭᠡᠵᠦ ᠳᠡᠶᠢᠯᠬᠦ᠂ ᠦᠯᠡᠳᠡᠭᠡᠵᠦ ᠳᠡᠶᠢᠯᠬᠦ᠂ ᠪᠠᠶᠠᠵᠢᠭᠤᠯᠵᠤ ᠳᠡᠶᠢᠯᠬᠦ︾ ᠶᠢ ᠪᠡᠶᠡᠯᠡᠭᠦᠯᠵᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠵᠣᠯᠭᠠᠭᠤᠯᠤᠨ ᠠᠬᠢᠭᠤᠯᠵᠤ᠂ ᠠᠯᠠᠰᠢᠨ | ᠦᠬᠡᠷ ᠤᠨ︽ᠰᠦᠷᠦᠭᠵᠢᠯ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ︾ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠵᠤ᠂ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠵᠦ᠂ ᠠᠯᠠᠰᠢᠨ ᠦᠬᠡᠷ | ᠲᠡᠵᠢᠭᠡᠨ ᠦᠷᠡᠵᠢᠭᠦᠯᠬᠦ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠤᠷᠢᠳ ᠬᠤᠵᠢᠳ ᠭᠠᠯᠲᠤ ᠠᠭᠤᠯᠠ ᠶᠢᠨ | ᠪᠤᠨᠽᠥᠨ᠂ ᠱᠠᠨᠵᠢᠶᠠ ᠲᠠᠷᠢᠶᠠᠯᠠᠩ ᠮᠠᠯ ᠠᠵᠤ ᠠᠬᠤᠢ᠂ ᠬᠡᠭᠡᠷ᠎ᠡ ᠶᠢᠨ ᠮᠠᠯ ᠠᠵᠤ ᠠᠬᠤᠢ ᠵᠡᠷᠭᠡ 8 ᠠᠵᠤ ᠠᠬᠤᠶᠢᠯᠠᠯ ᠢ | ᠣᠷᠣᠭᠤᠯᠤᠨ ᠰᠠᠭᠤᠯᠭᠠᠪᠠ᠃ᠡᠭᠦᠨ ᠤ ᠬᠠᠮᠲᠤ 3 ᠲᠦᠮᠡᠨ ᠰᠠᠭᠠᠯᠢ ᠶᠢᠨ ᠦᠨᠢᠶ᠎ᠡ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠨᠡᠮᠡᠭᠳᠡᠭᠦᠯᠦᠨ᠂ ᠰᠤᠮᠤ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠪᠡ᠃ | | ᠰᠢᠯᠢᠨᠬᠦᠦ ᠶᠢᠨ ᠬᠢᠲᠠᠳ ᠬᠡᠯᠡᠨ ᠤ ᠲᠠᠶᠢᠯᠤᠮᠵᠢ ᠪᠣᠯ ᠥᠨᠳᠦᠷᠯᠢᠭ ᠤᠨ ᠡᠷ᠎ᠡ᠂ ᠲᠡᠷᠡ ᠮᠥᠨᠴᠦ ᠥᠪᠥᠷ | ᠮᠣᠩᠭᠤᠯ ᠤᠨ ᠥᠨᠳᠦᠷᠯᠢᠭ ᠲᠠᠬᠢ ᠶᠠᠳᠠᠭᠤ ᠠᠴᠠ ᠠᠩᠭᠢᠵᠢᠷᠠᠭᠰᠠᠨ ᠡᠷ᠎ᠡ ᠪᠣᠯᠣᠨ᠎ᠠ᠃ᠨᠠᠶᠠᠭᠠᠳ ᠣᠨ ᠤ ᠦᠶ᠎ᠡ ᠳᠤ᠂ | ᠰᠢᠯᠢᠨᠬᠦᠦ ᠶᠢᠨ ᠨᠢᠭᠡ ᠭᠡᠷ ᠤᠨ ᠬᠢᠨ ᠲᠦᠷᠦᠯ ᠰᠠᠳᠤᠨ ᠢᠶᠠᠨ ᠲᠦᠰᠢᠨ ᠴᠠᠭᠠᠨᠪᠤᠯᠠᠭ ᠭᠠᠴᠠᠭ᠎ᠠ ᠳᠤ ᠨᠡᠭᠦᠨ ᠣᠴᠢᠵᠤ | ᠠᠮᠢᠳᠤᠷᠠᠪᠠ᠂ ᠲᠤᠬᠠᠢ ᠶᠢᠨ ᠦᠶ᠎ᠡ ᠳᠤ ᠮᠠᠯᠴᠢᠨ ᠨᠢᠭᠡᠪᠦᠷᠢ ᠶᠢᠨ ᠬᠤᠪᠢᠶᠠᠵᠤ ᠣᠯᠣᠭᠰᠠᠨ ᠬᠠᠳᠤᠯᠠᠩ ᠪᠡᠯᠴᠢᠭᠡᠷ ᠨᠢ | ᠬᠢᠵᠠᠭᠠᠷ ᠲᠠᠢ ᠪᠠᠶᠢᠭᠰᠠᠨ ᠪᠥᠭᠡᠳ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠪᠣᠯᠣᠨ ᠮᠠᠯ ᠠᠵᠤ ᠠᠬᠤᠢ ᠶᠢᠨ | ᠲᠡᠵᠢᠭᠡᠪᠦᠷᠢ ᠶᠢᠨ ᠨᠥᠬᠦᠴᠡᠯ ᠨᠢ ᠪᠠᠰᠠ ᠲᠡᠭᠦᠯᠳᠡᠷᠵᠢᠭᠡᠳᠦᠢ᠂ ᠨᠢᠭᠡ ᠭᠡᠷ ᠤᠨ ᠠᠮᠢᠳᠤᠷᠠᠯ ᠨᠢ ᠲᠡᠶᠢᠮᠦ ᠪᠠᠶᠠᠨ | ᠴᠢᠨᠡᠭᠡᠯᠢᠭ ᠪᠢᠰᠢ ᠪᠠᠶᠢᠵᠠᠢ᠃ ᠰᠢᠯᠢᠨᠬᠦᠦ ᠲᠤᠬᠠᠢ ᠶᠢᠨ ᠭᠠᠵᠠᠷ ᠲᠠᠭᠠᠨ ᠰᠠᠭᠤᠷᠢᠰᠢᠭᠰᠠᠨ ᠤ ᠳᠠᠷᠠᠭ᠎ᠠ ᠠᠷᠪᠠᠨ ᠬᠡᠳᠦᠨ | ᠬᠤᠨᠢ ᠶᠢ ᠲᠦᠰᠢᠭᠯᠡᠨ ᠮᠠᠯ ᠠᠵᠤ ᠠᠬᠤᠢ ᠶᠢ ᠬᠥᠭᠵᠢᠭᠦᠯᠬᠦ ᠶᠢᠨ ᠬᠠᠮᠲᠤ ᠪᠤᠰᠤᠳ ᠢ ᠬᠠᠪᠰᠤᠷᠤᠨ ᠮᠠᠯ ᠢ ᠣᠷᠣᠯᠠᠨ | ᠣᠷᠣᠯᠭ᠎ᠠ ᠶᠢ ᠨᠢ ᠨᠡᠮᠡᠭᠳᠡᠭᠦᠯᠵᠡᠢ᠃ ᠬᠤᠶᠠᠷ ᠬᠡᠦᠬᠡᠳ ᠤᠨ ᠰᠤᠷᠭᠠᠨ ᠬᠥᠮᠦᠵᠢᠯ ᠤᠨ ᠱᠠᠲᠤᠨ ᠤ ᠵᠠᠷᠤᠳᠠᠯ ᠨᠡᠮᠡᠭᠳᠡᠬᠦ | ᠶᠢᠨ ᠳᠠᠭᠠᠤ ᠳᠤ ᠰᠢᠯᠢᠨᠬᠦᠦ ᠨᠢᠭᠡ ᠭᠡᠷ ᠢᠶᠠᠷ ᠢᠶᠠᠨ ᠰᠤᠷᠭᠠᠭᠤᠯᠢ ᠳᠤ ᠰᠠᠭᠤᠬᠤ ᠠᠴᠠ ᠪᠣᠯᠵᠤ ᠶᠠᠳᠠᠭᠤᠷᠠᠭᠰᠠᠨ | ᠨᠥᠬᠦᠴᠡᠯ ᠢᠶᠠᠷ ᠶᠠᠳᠠᠭᠤ ᠡᠷᠦᠬᠡ ᠳᠤ ᠣᠷᠣᠵᠠᠢ᠃ ᠬᠤᠵᠢᠮ ᠨᠢ ᠬᠤᠷ᠎ᠠ ᠪᠣᠷᠣᠭᠠᠨ ᠲᠡᠭᠰᠢ ᠰᠠᠶᠢᠬᠠᠨ ᠵᠢᠯ ᠳᠤ᠂ ᠮᠠᠯ | ᠠᠵᠤ ᠠᠬᠤᠢ ᠶᠢᠨ ᠵᠠᠬ᠎ᠠ ᠳᠡᠯᠭᠡᠭᠦᠷ ᠢᠶᠠᠷ ᠵᠠᠮᠨᠠᠭᠰᠠᠨ᠂ ᠶᠠᠳᠠᠭᠤ ᠶᠢ ᠲᠡᠳᠬᠦᠬᠦ ᠰᠢᠷᠢᠰ ᠲᠦᠷᠦ ᠶᠢᠨ ᠪᠣᠳᠣᠯᠭ᠎ᠠ ᠶᠢ | ᠤᠨᠢᠨ ᠳᠡᠭᠡᠷ᠎ᠡ ᠨᠢ ᠬᠡᠷᠡᠭᠵᠢᠭᠦᠯᠦᠭᠰᠡᠨ ᠳᠠᠪᠬᠤᠴᠠᠭ᠎ᠠ ᠡᠯᠧᠮᠧᠨ᠋ᠲ ᠤᠨ ᠨᠥᠯᠥᠭᠡᠯᠡᠯ ᠳᠣᠣᠷ᠎ᠠ᠂ ᠰᠢᠯᠢᠨᠬᠦᠦ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠶᠡᠬᠡᠪᠡᠷ ᠬᠥᠭᠵᠢᠭᠡᠵᠦ᠂ ᠲᠡᠭᠦᠨ ᠤ ᠶᠠᠳᠠᠭᠤ ᠠᠴᠠ | ᠠᠩᠭᠢᠵᠢᠷᠠᠨ ᠴᠢᠨᠡᠭᠡᠯᠢᠭᠵᠢᠬᠦ ᠢᠲᠡᠭᠡᠯ ᠵᠣᠷᠢᠭ ᠢ ᠤᠯᠠᠮ ᠪᠠᠲᠤᠳᠬᠠᠵᠤ᠂ 2017 ᠣᠨ ᠳᠤ ᠠᠮᠵᠢᠯᠲᠠ ᠲᠠᠢ ᠪᠠᠷ | ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃ | ᠨᠢᠳᠤᠨᠤᠨ ᠤ ᠰᠢᠯᠢᠨᠬᠦᠦ ᠠᠯᠠᠰᠢᠨ ᠦᠬᠡᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠳᠠᠯᠳᠠ | ᠬᠦᠴᠦᠨ ᠪᠠ ᠵᠠᠰᠠᠭ ᠤᠨ ᠣᠷᠳᠣᠨ ᠤ ᠬᠡᠷᠡᠭᠵᠢᠭᠦᠯᠵᠦ ᠪᠠᠶᠢᠭ᠎ᠠ ᠠᠯᠠᠰᠢᠨ ᠦᠬᠡᠷ ᠤᠨ ︽ᠰᠦᠷᠦᠭ ᠢᠶᠠᠨ ᠥᠷᠭᠡᠳᠬᠡᠨ | ᠳᠠᠬᠢᠨ ᠢᠶᠠᠷ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠦᠵᠡᠵᠦ᠂ ᠬᠤᠨᠢ | ᠢᠮᠠᠭ᠎ᠠ ᠪᠠᠨ ᠴᠥᠭᠡᠳᠬᠡᠨ ᠦᠬᠡᠷ ᠢᠶᠠᠨ ᠨᠡᠮᠡᠭᠳᠡᠭᠦᠯᠬᠦ ᠬᠥᠭᠵᠢᠯᠲᠡ ᠶᠢᠨ ᠰᠡᠳᠬᠢᠮᠵᠢ ᠶᠢ ᠡᠬᠢᠯᠡᠨ ᠬᠡᠷᠡᠭᠵᠢᠭᠦᠯᠵᠦ᠂ | ᠣᠳᠣᠬᠠᠨ ᠳᠤ ᠠᠯᠠᠰᠢᠨ ᠬᠤᠨᠢ ᠶᠢ 150 ᠶᠢᠨ ᠳᠣᠲᠣᠷ᠎ᠠ ᠬᠢᠵᠠᠭᠠᠷᠯᠠᠵᠤ᠂ ᠠᠯᠠᠰᠢᠨ ᠦᠬᠡᠷ ᠢ ᠨᠢᠭᠡᠨᠲᠡ 12 | ᠪᠣᠯᠭᠠᠨ ᠬᠥᠭᠵᠢᠭᠦᠯᠵᠦ᠂ ᠵᠢᠯ ᠪᠦᠷᠢ ᠵᠥᠪᠬᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠲᠦᠰᠢᠭᠯᠡᠨ ᠬᠥᠮᠥᠨ | ᠳᠤᠮᠳᠠᠴᠢ ᠶᠢᠨ ᠣᠷᠣᠯᠭ᠎ᠠ ᠨᠢ 1.5 ᠲᠦᠮᠡᠨ ᠲᠥᠭᠦᠷᠢᠭ ᠣᠷᠴᠢᠮ ᠭᠦᠷᠦᠭᠰᠡᠨ ᠪᠠᠶᠢᠨ᠎ᠠ᠃ᠡᠭᠦᠨ ᠤ ᠬᠠᠮᠲᠤ᠂ ᠲᠡᠷᠡ | ᠪᠠᠰᠠ ᠪᠠᠶᠠᠵᠢᠭᠰᠠᠨ ᠴᠤ ᠠᠴᠢ ᠬᠠᠷᠢᠭᠤᠯᠬᠤ ᠪᠠᠨ ᠮᠠᠷᠲᠠᠬᠤ ᠦᠭᠡᠢ ᠡᠷ᠎ᠡ ᠪᠠᠶᠢᠵᠤ᠂ ᠨᠤᠲᠤᠭ ᠲᠠᠭᠠᠨ ᠪᠤᠴᠠᠭᠰᠠᠨ | ᠮᠠᠯᠴᠢᠨ ᠲᠤᠤ ᠺᠸ ᠲᠤᠤ ᠶᠢᠨ ᠬᠢᠨ ᠲᠡᠵᠢᠭᠡᠨ ᠦᠷᠡᠵᠢᠭᠦᠯᠬᠦ ᠦᠢᠯᠡᠰ ᠢᠶᠠᠨ ᠬᠥᠭᠵᠢᠭᠦᠯᠬᠦ ᠬᠦᠰᠡᠯ ᠲᠠᠢ ᠪᠠᠶᠢᠵᠤ᠂ | ᠬᠥᠳᠡᠯᠭᠡᠬᠦ ᠪᠡᠯᠡ ᠮᠥᠩᠭᠦ ᠦᠭᠡᠢ ᠪᠠᠶᠢᠬᠤ ᠶᠢ ᠦᠵᠡᠭᠡᠳ ᠪᠤᠰᠤᠳ ᠬᠡᠳᠦᠨ ᠮᠠᠯᠴᠢᠳ ᠲᠠᠢ ᠵᠥᠪᠳᠡᠯᠴᠡᠵᠦ᠂ | ᠲᠤᠭᠲᠠᠬᠤ ᠶᠢᠨ ᠬᠢᠨ ᠳᠤ ᠰᠠᠭᠤᠷᠢ ᠡᠮ᠎ᠡ ᠬᠤᠨᠢ ᠪᠡᠯᠡᠭᠯᠡᠵᠦ ᠲᠡᠵᠢᠭᠡᠨ ᠦᠷᠡᠵᠢᠭᠦᠯᠬᠦ ᠦᠢᠯᠡᠰ ᠢᠶᠠᠨ ᠬᠥᠭᠵᠢᠭᠦᠯᠬᠦ | ᠳᠤᠨᠢ ᠬᠠᠪᠰᠤᠷᠤᠯᠭ᠎ᠠ ᠦᠵᠡᠭᠦᠯᠬᠦ ᠪᠠᠷ ᠪᠣᠯᠪᠠ᠃ ᠲᠡᠷᠡ᠄︽ᠪᠢ ᠪᠠᠰᠠ ᠵᠠᠰᠠᠭ ᠤᠨ ᠣᠷᠳᠣᠨ ᠤ ᠬᠠᠪᠰᠤᠷᠤᠯᠭ᠎ᠠ | ᠳᠣᠣᠷ᠎ᠠ ᠬᠦᠴᠢᠷ ᠵᠣᠪᠠᠭᠤᠷᠢ ᠲᠠᠢ ᠠᠮᠢᠳᠤᠷᠠᠯ ᠠᠴᠠ ᠭᠠᠷᠴᠤ ᠢᠷᠡᠭᠰᠡᠨ ᠶᠤᠮ᠂ ᠮᠢᠨᠤ ᠠᠮᠢᠳᠤᠷᠠᠯ ᠰᠠᠶᠢᠵᠢᠷᠠᠪᠠ᠂ ᠪᠢ | ᠪᠠᠰᠠ ᠥᠪᠡᠷ ᠤᠨ︿ᠠᠬ᠎ᠠ ᠳᠡᠭᠦᠦ ᠡᠭᠡᠴᠢ ᠥᠬᠢᠨ ᠳᠡᠭᠦᠦ﹀ ᠢᠶᠠᠨ ᠬᠠᠪᠰᠤᠷᠴᠤ ᠬᠠᠮᠲᠤ ᠪᠠᠷ ᠵᠣᠯ ᠵᠢᠷᠭᠠᠯ ᠲᠠᠢ ᠪᠠᠶᠠᠨ | ᠴᠢᠨᠡᠭᠡᠯᠢᠭ ᠠᠮᠢᠳᠤᠷᠠᠯ ᠢ ᠡᠳ᠋ᠯᠡᠭᠦᠯᠦᠨ᠎ᠡ︾ᠭᠡᠵᠦ ᠬᠡᠯᠡᠪᠡ᠃ | ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ᠲᠤᠯᠤᠭᠠᠨᠬᠤᠳᠳᠤᠭᠰᠤᠮᠤ ᠦᠷᠭᠦᠯᠵᠢᠯᠡᠨ ᠰᠢ ᠶᠢᠨ | ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠶᠢᠯᠠᠭᠠᠭᠳᠠᠬᠤᠨ ᠢ | ᠦᠷᠭᠦᠯᠵᠢᠯᠡᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ | ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠣᠷᠢᠭ | ᠰᠠᠨᠠᠭ᠎ᠠ ᠶᠢ ᠰᠤᠮᠤ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠᠷᠠᠭᠳᠠᠰᠢ ᠦᠭᠡᠢ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠭᠠᠷ ᠭᠠᠷ ᠢᠶᠠᠨ ᠬᠤᠯᠪᠣᠨ ᠮᠥᠷᠥ ᠵᠡᠷᠭᠡᠴᠡᠵᠦ᠂ ᠰᠤᠮᠤ ᠶᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠠᠮᠢ ᠠᠬᠤᠢ ᠭᠤᠶᠣ ᠰᠠᠶᠢᠬᠠᠨ᠂ ᠠᠵᠤ ᠦᠢᠯᠡᠰ | ᠬᠥᠭᠵᠢᠭᠰᠡᠨ᠂ ᠠᠷᠠᠳ ᠣᠯᠠᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠤᠮᠤ ᠶᠢ ᠪᠦᠲᠦᠭᠡᠨ | ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ | ᠬᠥᠭᠵᠢᠯᠲᠡ ᠶᠢᠨ ︽ᠬᠤᠰᠢᠭᠤᠴᠢ︾ ᠪᠣᠯᠬᠤ ᠪᠠᠷ ᠴᠢᠷᠮᠠᠶᠢᠬᠤ ᠬᠡᠷᠡᠭᠲᠡᠢ᠃ |