ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ ᠤ ᠠᠭᠠᠷ ᠮᠠᠨᠳᠠᠯ ᠤᠨ ᠣᠷᠴᠢᠨ ᠨᠥᠬᠦᠴᠡᠯ ᠤᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠳᠤᠮᠳᠠᠳᠤ ᠤᠯᠤᠰ ᠤᠨ ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠤᠨ ᠣᠷᠤᠯᠠᠭᠤᠯᠤᠯᠲᠠ ᠶᠢᠨ ᠪᠣᠳᠠᠰ ᠤᠨ ᠲᠠᠨᠢᠯᠴᠠᠭᠤᠯᠭ᠎ᠠ ᠶᠢᠨ ᠨᠡᠷᠡᠰ ᠤᠨ ᠵᠢᠭᠰᠠᠭᠠᠯᠲᠠ︾  ᠶᠢᠨ ᠲᠤᠬᠠᠢ ᠰᠤᠷᠪᠦᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠡ
ᠨᠡᠶᠢᠲᠡᠯᠡᠭᠰᠡᠨ ᠴᠠᠭ᠄
2023/6/27
         ᠣᠶᠢᠷ᠎ᠠ ᠳᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ︽ᠳᠤᠮᠳᠠᠳᠤ ᠤᠯᠤᠰ ᠤᠨ ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠢ ᠣᠷᠣᠯᠠᠭᠤᠯᠬᠤ ᠪᠣᠳᠠᠰ ᠢ ᠲᠠᠨᠢᠯᠴᠠᠭᠤᠯᠬᠤ ᠨᠡᠷᠡᠰ ᠤᠨ ᠵᠢᠭᠰᠠᠭᠠᠯᠲᠠ︾ ︵ᠳᠣᠷᠣᠭᠰᠢ ︽ᠨᠡᠷᠡᠰ ᠤᠨ ᠵᠢᠭᠰᠠᠭᠠᠯᠲᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ᠠᠮᠢ ᠠᠬᠤᠢ ᠣᠷᠴᠢᠨ ᠠᠬᠤᠢ ᠶᠢᠨ ᠶᠠᠮᠤᠨ ᠤ ᠠᠭᠠᠷ ᠮᠠᠨᠳᠠᠯ ᠤᠨ ᠣᠷᠴᠢᠨ ᠠᠬᠤᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠨᠡᠷᠡᠰ ᠤᠨ ᠵᠢᠭᠰᠠᠭᠠᠯᠲᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠭᠤᠣᠯ ᠠᠭᠤᠯᠭ᠎ᠠ ᠵᠡᠷᠭᠡ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃          ᠠᠰᠠᠭᠤᠯᠲᠠ᠄ ︽ᠨᠡᠷᠡᠰ ᠤᠨ ᠵᠢᠭᠰᠠᠭᠠᠯᠲᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠨ᠎ᠠ  ᠤᠤ︖          ᠬᠠᠷᠢᠭᠤᠯᠲᠠ᠄ ᠮᠠᠨ ᠤ ᠤᠯᠤᠰ 1991 ᠣᠨ ᠳᠤ ︽ᠣᠽᠣᠨ ᠤ ᠳᠠᠪᠬᠤᠷᠭ᠎ᠠ ᠶᠢᠨ ᠪᠣᠳᠠᠰ ᠢ ᠬᠤᠷᠣᠭᠳᠠᠭᠤᠯᠬᠤ ᠲᠤᠬᠠᠢ ᠮᠠᠲ᠋ᠧᠷᠢᠶᠠᠯ ᠤᠨ ᠵᠥᠪᠯᠡᠯᠴᠡᠭᠡᠷ ᠤᠨ ᠪᠢᠴᠢᠭ︾ ︵ᠳᠣᠷᠣᠭᠰᠢ ᠵᠥᠪᠯᠡᠯᠴᠡᠭᠡᠷ ᠤᠨ ᠪᠢᠴᠢᠭ ᠭᠡᠵᠦ ᠲᠣᠪᠴᠢᠯᠠᠨ᠎ᠠ︶ ᠢ ᠣᠷᠣᠭᠤᠯᠤᠭᠰᠠᠨ ᠠᠴᠠ ᠨᠠᠰᠢ᠂ ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ︵ODS︶ ᠢ ᠭᠡᠭᠡᠭᠳᠡᠭᠦᠯᠬᠦ ᠪᠠ ᠣᠷᠣᠯᠠᠭᠤᠯᠬᠤ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ 2004 ᠣᠨ᠂ 2007 ᠣᠨ ᠳᠤ ︽ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠢ ᠣᠷᠣᠯᠠᠭᠤᠯᠬᠤ ᠪᠣᠳᠠᠰ ᠢ ᠲᠠᠨᠢᠯᠴᠠᠭᠤᠯᠬᠤ ᠭᠠᠷᠴᠠᠭ ︵ᠨᠢᠭᠡᠳᠦᠭᠡᠷ ᠪᠦᠯᠦᠭ︶︾ ︵ᠴᠠᠭᠠᠷᠢᠭ ᠵᠠᠬᠢᠳᠠᠯ 〔2004〕 309 ᠳ᠋ᠦᠭᠡᠷ ᠲᠣᠭᠠᠲᠤ︶ ᠵᠢᠴᠢ ᠵᠠᠰᠠᠪᠤᠷᠢ ᠣᠷᠣᠭᠤᠯᠤᠭᠰᠠᠨ ᠨᠣᠣᠷᠠᠭ ︵ᠴᠠᠭᠠᠷᠢᠭ ᠵᠠᠬᠢᠳᠠᠯ 〔2007〕 185 ᠳ᠋ᠤᠭᠠᠷ ᠲᠣᠭᠠᠲᠤ︶ ᠢ ᠲᠤᠰ ᠲᠤᠰ ᠨᠡᠶᠢᠲᠡᠯᠡᠵᠦ᠂ ᠪᠦᠷᠢᠨ ᠾᠯᠣᠷᠲᠤ ᠹᠯᠣᠷᠲᠤ ᠨᠡᠭᠦᠷᠦᠭᠴᠢ᠂ ᠬᠠᠯᠤᠨ᠂ ᠮᠧᠲ᠋ᠢᠯ ᠪᠷᠤᠮ᠂ ᠮᠧᠲ᠋ᠢᠯ ᠾᠯᠣᠷᠲᠤ ᠹᠤᠷᠮ ᠤᠨ ᠣᠷᠣᠯᠠᠬᠤ ᠪᠣᠳᠠᠰ ᠢ ᠲᠠᠨᠢᠯᠴᠠᠭᠤᠯᠵᠤ᠂ ᠡᠨᠡ ᠳᠦᠷᠪᠡᠨ ᠲᠦᠷᠦᠯ ᠤᠨ ODS  ᠢ ᠲᠣᠭᠲᠠᠭᠰᠠᠨ ᠬᠤᠭᠤᠴᠠᠭᠠᠨ ᠳᠠᠭᠠᠨ ᠭᠡᠭᠡᠭᠳᠡᠭᠦᠯᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃          ᠣᠳᠣᠬᠠᠨ ᠳᠤ᠂ ᠮᠠᠨ ᠤ ᠤᠯᠤᠰ ᠶᠠᠭ ᠰᠠᠶᠢᠬᠠᠨ ᠬᠠᠮᠤᠭ ᠰᠡᠭᠦᠯᠴᠢ ᠶᠢᠨ ᠨᠢᠭᠡ ᠲᠦᠷᠦᠯ ᠤᠨ ODS  ᠤᠨ ᠤᠰᠤᠲᠥ᠋ᠷᠥᠭᠴᠢᠲᠤ ᠾᠯᠣᠷᠲᠤ ᠹᠯᠣᠷᠲᠤ ᠨᠡᠭᠦᠷᠦᠭᠴᠢ ︵HCFCs︶ ᠶᠢ ᠵᠠᠭᠠᠵᠠᠯᠠᠬᠤ ᠪᠠ ᠣᠷᠣᠯᠠᠭᠤᠯᠬᠤ ᠠᠵᠢᠯ ᠢ ᠥᠷᠨᠢᠭᠦᠯᠵᠦ ᠪᠠᠶᠢᠬᠤ ᠪᠥᠭᠡᠳ 2013 ᠣᠨ ᠳᠤ ᠴᠡᠪᠳᠡᠭᠯᠡᠬᠦ᠂ 2015 ᠣᠨ ᠳᠤ 10% ᠪᠠᠷ ᠪᠠᠭᠠᠰᠬᠠᠬᠤ ᠪᠠ 2020 ᠣᠨ ᠳᠤ 35% ᠪᠠᠷ ᠪᠠᠭᠠᠰᠬᠠᠬᠤ ᠬᠠᠷᠠᠯᠲᠠ ᠶᠢ ᠨᠢᠭᠡᠨᠲᠡ ᠪᠡᠶᠡᠯᠡᠭᠦᠯᠵᠦ᠂ 2025 ᠣᠨ ᠳᠤ 67.5% ᠪᠠᠷ ᠪᠠᠭᠠᠰᠬᠠᠬᠤ ᠬᠠᠷᠠᠯᠲᠠ ᠲᠡᠶᠢᠰᠢ ᠲᠦᠷᠭᠡᠨ ᠤᠷᠤᠭᠰᠢᠯᠠᠵᠤ ᠪᠠᠶᠢᠨ᠎ᠠ᠃HCFCs ᠢ ᠰᠢᠭᠰᠢᠭᠳᠡᠭᠦᠯᠬᠦ ᠨᠢ ᠪᠡᠷᠬᠡ ᠰᠡᠳᠦᠪ ᠢ ᠰᠢᠢᠳᠪᠦᠷᠢᠯᠡᠬᠦ ᠱᠠᠲᠤᠨ ᠳᠤ ᠣᠷᠣᠬᠤ ᠶᠢ ᠳᠠᠭᠠᠯᠳᠤᠨ᠂ ᠡᠯ᠎ᠡ ᠭᠠᠵᠠᠷ ᠣᠷᠣᠨ ᠂ ᠡᠯ᠎ᠡ ᠠᠵᠢᠯ ᠲᠥᠷᠥᠯ ᠤᠨ ᠬᠢᠨ ᠣᠷᠣᠯᠠᠬᠤ ᠡᠳ᠋ ᠤᠨ ᠲᠠᠯ᠎ᠠ ᠪᠠᠷ ᠬᠢ ᠵᠢᠯᠤᠭᠤᠳᠬᠤ ᠰᠠᠨᠠᠯ ᠢ ᠪᠠᠴᠢᠮ ᠱᠠᠭᠠᠷᠳᠠᠵᠤ ᠂ ᠠᠵᠢᠯ ᠲᠥᠷᠥᠯ ᠤᠨ ᠠᠵᠤ ᠠᠬᠤᠶᠢᠯᠠᠯ ᠤᠨ HCFCs ᠢ ᠰᠢᠭᠰᠢᠭᠳᠡᠭᠦᠯᠬᠦ ᠪᠠ ᠣᠷᠣᠯᠠᠭᠤᠯᠬᠤ ᠶᠢ ᠤᠷᠤᠭᠰᠢᠲᠠᠢ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ᠃          ᠡᠶᠢᠮᠦ ᠪᠠᠶᠢᠳᠠᠯ ᠤᠨ ᠳᠣᠣᠷ᠎ᠠ᠂ ︽ᠨᠡᠷᠡᠰ ᠤᠨ ᠵᠢᠭᠰᠠᠭᠠᠯᠲᠠ︾ ᠶᠢ ᠲᠣᠭᠲᠠᠭᠠᠬᠤ ᠪᠣᠯ ODS ᠰᠢᠭᠰᠢᠭᠳᠡᠭᠦᠯᠬᠦ ᠠᠬᠢᠴᠠ ᠶᠢ ᠲᠦᠯᠬᠢᠨ ᠠᠬᠢᠭᠤᠯᠬᠤ᠂ ᠤᠯᠤᠰ ᠤᠨ ᠭᠡᠷ᠎ᠡ ᠶᠢ ᠭᠦᠢᠴᠡᠳᠬᠡᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠬᠤᠯᠪᠣᠭᠳᠠᠯ ᠪᠦᠬᠦᠢ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠡᠨᠡ ᠨᠢ ᠳᠤᠮᠳᠠᠳᠤ ᠤᠯᠤᠰ ᠤᠨ ᠣᠯᠠᠨ ᠤᠯᠤᠰ ᠤᠨ ᠣᠷᠴᠢᠨ ᠠᠬᠤᠢ ᠶᠢᠨ ᠨᠡᠶᠢᠲᠡ ᠶᠢᠨ ᠭᠡᠷ᠎ᠡ ᠶᠢ ᠬᠢᠨᠠᠮᠠᠭᠠᠢ ᠭᠦᠢᠴᠡᠳᠬᠡᠬᠦ ᠬᠠᠷᠢᠭᠤᠴᠠᠯᠭᠠᠲᠤ ᠣᠪᠣᠷ ᠢ ᠢᠯᠡᠷᠡᠭᠦᠯᠦᠭᠰᠡᠨ ᠪᠠᠶᠢᠨ᠎ᠠ᠃ᠠᠰᠠᠭᠤᠯᠲᠠ᠄ ︽ᠨᠡᠷᠡᠰ ᠤᠨ ᠵᠢᠭᠰᠠᠭᠠᠯᠲᠠ︾ ᠶᠢ ᠨᠡᠶᠢᠲᠡᠯᠡᠭᠰᠡᠨ ᠦᠨᠳᠦᠰᠦᠯᠡᠯ ᠨᠢ ᠶᠠᠭᠤ ᠪᠣᠶ︖          ᠬᠠᠷᠢᠭᠤᠯᠲᠠ᠄ ︽ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠤᠨ ᠬᠠᠮᠢᠶᠠᠷᠤᠯᠲᠠ ᠶᠢᠨ ᠳᠦᠷᠢᠮ︾ ᠤᠨ ᠨᠠᠢᠮᠠᠳᠤᠭᠠᠷ ᠵᠦᠢᠯ ᠳᠤ᠄︽ᠤᠯᠤᠰ ᠠᠴᠠ ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠢ ᠣᠷᠣᠯᠠᠭᠤᠯᠬᠤ ᠪᠣᠳᠠᠰ ᠪᠠ ᠣᠷᠣᠯᠠᠭᠤᠯᠬᠤ ᠮᠡᠷᠭᠡᠵᠢᠯ ᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠮᠡᠷᠭᠡᠵᠢᠯ ᠢ ᠨᠡᠭᠡᠭᠡᠨ ᠠᠰᠢᠭᠯᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ︽ᠳᠤᠮᠳᠠᠳᠤ ᠤᠯᠤᠰ ᠤᠨ ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠢ ᠣᠷᠣᠯᠠᠭᠤᠯᠬᠤ ᠪᠣᠳᠠᠰ ᠢ ᠲᠠᠨᠢᠯᠴᠠᠭᠤᠯᠬᠤ ᠨᠡᠷᠡᠰ︾ ᠢ‌ᠡᠭᠦᠨ ᠢ ᠦᠨᠳᠦᠰᠦᠯᠡᠨ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤ ᠪᠠᠷ︽ᠨᠡᠷᠡᠰ ᠤᠨ ᠵᠢᠭᠰᠠᠭᠠᠯᠲᠠ︾ ᠶᠢ ᠲᠣᠭᠲᠠᠭᠠᠪᠠ᠃          ᠠᠰᠠᠭᠤᠯᠲᠠ᠄ ︽ᠨᠡᠷᠡᠰ ᠤᠨ ᠵᠢᠭᠰᠠᠭᠠᠯᠲᠠ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖          ᠬᠠᠷᠢᠭᠤᠯᠲᠠ᠄ ᠨᠢᠭᠡ ᠳᠤ᠂ ᠣᠷᠣᠯᠠᠭᠳᠠᠬᠤ ᠪᠣᠳᠠᠰ ᠵᠢᠴᠢ ᠣᠷᠣᠯᠠᠭᠳᠠᠬᠤ ᠪᠣᠳᠠᠰ ᠤᠨ ᠬᠡᠷᠡᠭᠴᠡᠭᠡᠨ ᠤ ᠲᠦᠷᠦᠯ ᠬᠡᠯᠪᠡᠷᠢ ᠪᠠ ᠭᠤᠣᠯ ᠪᠣᠯᠬᠤ ᠬᠡᠷᠡᠭᠯᠡᠭᠡᠨ ᠤ ᠬᠦᠷᠢᠶ᠎ᠡ ᠶᠢ ᠲᠣᠳᠣᠷᠬᠠᠶᠢᠯᠠᠨ᠎ᠠ᠃ᠣᠳᠣᠬᠠᠨ ᠳᠤ ᠮᠠᠨ ᠤ ᠤᠯᠤᠰ ᠲᠤ ᠦᠢᠯᠡᠳᠪᠦᠷᠢᠯᠡᠵᠦ ᠬᠡᠷᠡᠭᠯᠡᠵᠦ ᠪᠠᠶᠢᠭ᠎ᠠ HCFCs ᠨᠡᠶᠢᠳᠡ 5 ᠵᠦᠢᠯ ᠪᠤᠢ᠂ ᠡᠭᠦᠨ ᠳᠤ ᠨᠢᠭᠡ ᠾᠯᠣᠷ ᠬᠤᠶᠠᠷ ᠹᠯᠣᠷᠲᠤ ᠮᠧᠲ᠋ᠠᠨ ︵HCFC-22︶᠂ 1᠂ 1 — ᠬᠤᠶᠠᠷ ᠾᠯᠣᠷ — 1 — ᠹᠯᠣᠷᠲᠤ ᠡᠲ᠋ᠡᠨ ︵HCFC-141b︶᠂ 1 — ᠾᠯᠣᠷ — 1᠂ 1 — ᠬᠤᠶᠠᠷ ᠹᠯᠣᠷᠲᠤ ᠡᠲ᠋ᠡᠨ ︵HCFC-142b︶ ᠭᠤᠷᠪᠠᠨ ᠵᠦᠢᠯ ᠤᠨ ᠪᠣᠳᠠᠰ ᠨᠢ ᠪᠦᠬᠦ ᠤᠯᠤᠰ ᠤᠨ HCFCs ᠤᠨ ᠦᠢᠯᠡᠳᠪᠦᠷᠢᠯᠡᠯ ᠤᠨ ᠶᠡᠷᠦᠩᠬᠡᠢ ᠬᠡᠮᠵᠢᠶᠡᠨ ᠤ 99% ᠶᠢ ᠡᠵᠡᠯᠡᠵᠦ ᠪᠠᠶᠢᠨ᠎ᠠ᠃ (HCFC-142b) ᠭᠤᠷᠪᠠᠨ ᠵᠦᠢᠯ ᠤᠨ ᠪᠣᠳᠠᠰ ᠨᠢ ᠪᠦᠬᠦ ᠤᠯᠤᠰ ᠤᠨ HCFCs ᠤᠨ ᠦᠢᠯᠡᠳᠪᠦᠷᠢᠯᠡᠯ ᠤᠨ ᠶᠡᠷᠦᠩᠬᠡᠢ ᠬᠡᠮᠵᠢᠶᠡᠨ ᠤ 99% ᠶᠢ ᠡᠵᠡᠯᠡᠵᠦ ᠪᠠᠶᠢᠨ᠎ᠠ᠃ ᠡᠨᠡ ᠭᠤᠷᠪᠠᠨ ᠵᠦᠢᠯ ᠤᠨ ᠪᠣᠳᠠᠰ ᠨᠢ ᠪᠦᠬᠦ ᠤᠯᠤᠰ ᠤᠨ HCFCs ᠤᠨ ᠦᠢᠯᠡᠳᠪᠦᠷᠢᠯᠡᠯ ᠤᠨ ᠶᠡᠷᠦᠩᠬᠡᠢ ᠬᠡᠮᠵᠢᠶᠡᠨ ᠤ 99% ᠶᠢ ᠡᠵᠡᠯᠡᠵᠦ ᠪᠠᠶᠢᠨ᠎ᠠ᠃︽ᠨᠡᠷᠡᠰ ᠤᠨ ᠵᠢᠭᠰᠠᠭᠠᠯᠲᠠ︾ ᠳᠤ ᠲᠣᠰ ᠭᠤᠷᠪᠠᠨ ᠵᠦᠢᠯ ᠤᠨ HCFCs ᠤᠨ 23 ᠣᠷᠣᠯᠠᠬᠤ ᠡᠳ᠋ ᠢ ᠲᠠᠨᠢᠯᠴᠠᠭᠤᠯᠪᠠ᠂ ᠡᠭᠦᠨ ᠳᠤ ᠬᠥᠯᠳᠡᠭᠡᠬᠦ ᠡᠳ᠋ ᠤᠨ ᠣᠷᠣᠯᠠᠬᠤ ᠡᠳ᠋ 7᠂ ᠬᠥᠭᠡᠰᠦᠷᠡᠭᠦᠯᠬᠦ ᠡᠳ᠋ ᠤᠨ ᠣᠷᠣᠯᠠᠬᠤ ᠡᠳ᠋ 7᠂ ᠠᠷᠢᠭᠤᠳᠬᠠᠬᠤ ᠡᠳ᠋ ᠤᠨ ᠣᠷᠣᠯᠠᠬᠤ ᠡᠳ᠋ 9 ︵ᠲᠥᠷᠥᠯ︶ ᠪᠠᠶᠢᠵᠤ᠂ ᠥᠷᠥᠭᠡᠨ ᠤ ᠠᠭᠠᠷ ᠲᠣᠬᠢᠷᠠᠭᠤᠯᠤᠭᠴᠢ ᠪᠠ ᠭᠡᠷ ᠤᠨ ᠬᠡᠷᠡᠭᠯᠡᠭᠡᠨ ᠤ ᠬᠠᠯᠠᠭᠤᠨ ᠬᠥᠭᠡᠷᠭᠡ ᠶᠢᠨ ᠤᠰᠤ ᠬᠠᠯᠠᠭᠠᠭᠤᠷ᠂ ᠦᠢᠯᠡᠳᠪᠦᠷᠢ ᠬᠤᠳᠠᠯᠳᠤᠭᠠᠨ ᠤ ᠬᠥᠯᠳᠡᠭᠡᠬᠦ᠂ ᠬᠥᠭᠡᠰᠦᠷᠡᠭᠦᠯᠬᠦ᠂ ᠤᠬᠢᠶᠠᠵᠤ ᠴᠡᠪᠡᠷᠯᠡᠬᠦ ᠵᠡᠷᠭᠡ ᠠᠵᠢᠯ ᠲᠥᠷᠥᠯ ᠳᠤ ᠬᠤᠯᠪᠣᠭᠳᠠᠨ᠎ᠠ ᠃︽ᠨᠡᠷᠡᠰ ᠤᠨ ᠵᠢᠭᠰᠠᠭᠠᠯᠲᠠ︾ ᠳᠤ ᠣᠷᠣᠯᠠᠬᠤ ᠡᠳ᠋ ᠤᠨ ᠭᠤᠣᠯ ᠪᠣᠯᠬᠤ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠬᠠᠮᠲᠤ ᠳᠤᠨᠢ ᠣᠯᠭᠤᠵᠤ᠂ ᠬᠠᠮᠢᠶ᠎ᠠ ᠪᠦᠬᠦᠢ ᠠᠵᠢᠯ ᠲᠥᠷᠥᠯ᠂ ᠠᠵᠤ ᠠᠬᠤᠶᠢᠯᠠᠯ ᠤᠨ ᠣᠷᠣᠯᠠᠬᠤ ᠡᠳ᠋ ᠢ ᠰᠤᠳᠤᠯᠤᠨ ᠨᠡᠭᠡᠭᠡᠬᠦ ᠪᠠ ᠬᠡᠷᠡᠭᠯᠡᠬᠦ ᠳᠤ ᠵᠢᠯᠣᠭᠤᠳᠤᠯᠭ᠎ᠠ ᠬᠠᠩᠭᠠᠨ᠎ᠠ᠃          ᠬᠤᠶᠠᠷ ᠲᠤ ᠣᠷᠣᠯᠠᠬᠤ ᠪᠣᠳᠠᠰ ᠤᠨ ᠣᠽᠣᠨ ᠤ ᠳᠠᠪᠬᠤᠷᠭ᠎ᠠ ᠶᠢᠨ ᠨᠥᠬᠦᠷᠰᠡᠭ ᠪᠠᠶᠢᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠪᠬᠤᠷ ᠰᠢᠨᠵᠢ ᠴᠢᠨᠠᠷ ᠢ ᠲᠤᠪᠤᠶᠢᠯᠭᠠᠨ᠎ᠠ᠃2021 ᠣᠨ ᠤ 9 ᠰᠠᠷ᠎ᠠ ᠶᠢᠨ 15 ᠤ ᠡᠳᠦᠷ᠂ ᠵᠥᠪᠯᠡᠯᠴᠡᠭᠡᠷ ᠤᠨ ᠪᠢᠴᠢᠭ ᠤᠨ ︽ᠺᠢᠭᠠᠯᠢ ᠶᠢᠨ ᠵᠠᠰᠠᠪᠤᠷᠢ ᠣᠷᠣᠭᠤᠯᠤᠭᠰᠠᠨ ᠲᠥᠰᠥᠯ︾ ᠨᠢ ᠮᠠᠨ ᠤ ᠤᠯᠤᠰ ᠲᠤ ᠵᠢᠩᠬᠢᠨᠢ ᠪᠠᠷ ᠬᠦᠴᠦᠨ ᠲᠠᠢ ᠪᠣᠯᠵᠤ᠂ HCFCs ᠭᠤᠣᠯ ᠣᠷᠣᠯᠠᠬᠤ ᠡᠳ᠋ ᠪᠣᠯᠤᠭᠰᠠᠨ ᠲᠠᠰ ᠠᠴᠠ ᠳᠠᠪᠠᠭᠰᠠᠨ ᠬᠦᠯᠡᠮᠵᠢ ᠶᠢᠨ ᠬᠡᠢ ᠪᠡᠶᠡᠲᠦ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢᠲᠦ ᠨᠢᠭᠡᠳᠪᠦᠷᠢ ︵HFCs︶ ᠶᠢ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠢᠳᠡᠭ ᠢᠳᠡᠭ ᠢᠶᠠᠷ ᠬᠠᠰᠤᠵᠤ ᠣᠷᠣᠯᠠᠭᠤᠯᠬᠤ ᠪᠣᠯᠣᠨ᠎ᠠ᠃︽ᠨᠡᠷᠡᠰ ᠤᠨ ᠵᠢᠭᠰᠠᠭᠠᠯᠲᠠ︾ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠷᠣᠯᠠᠬᠤ ᠪᠣᠳᠠᠰ ᠢ ᠳᠡᠯᠭᠡᠷᠡᠭᠦᠯᠬᠦ ᠶᠢ ᠴᠢᠬᠤᠯᠠᠴᠢᠯᠠᠵᠤ᠂ ᠣᠷᠣᠯᠠᠬᠤ ᠪᠣᠳᠠᠰ ᠤᠨ ᠣᠽᠣᠨ ᠢ ᠬᠤᠷᠣᠭᠳᠠᠭᠤᠯᠬᠤ ᠳᠠᠯᠳᠠ ᠡᠨᠧᠷᠭᠢ ᠶᠢᠨ ᠬᠡᠮᠵᠢᠭᠳᠡᠯ ︵ODP︶ ᠪᠠ ᠪᠥᠬᠦ ᠪᠥᠮᠪᠥᠷᠴᠡᠭ ᠤᠨ ᠳᠤᠯᠠᠭᠠᠨ ᠳᠡᠭᠡᠭᠰᠢᠯᠡᠬᠦ ᠳᠠᠯᠳᠠ ᠡᠨᠧᠷᠭᠢ ᠶᠢᠨ ᠬᠡᠮᠵᠢᠭᠳᠡᠯ ︵GWP︶ ᠢ ᠲᠣᠳᠣᠷᠬᠠᠶᠢᠯᠠᠭᠰᠠᠨ ᠪᠠᠶᠢᠨ᠎ᠠ᠃ᠡᠭᠦᠨ ᠳᠤ᠂ ᠪᠣᠶ ᠪᠦᠬᠦᠢ ᠣᠷᠣᠯᠠᠬᠤ ᠪᠣᠳᠠᠰ ᠤᠨ ODP ᠬᠡᠮᠵᠢᠭᠳᠡᠯ ᠨᠢ ᠴᠥᠮ 0 ᠪᠠᠶᠢᠵᠤ᠂ 80% ᠣᠷᠴᠢᠮ ᠤᠨ ᠣᠷᠣᠯᠠᠬᠤ ᠪᠣᠳᠠᠰ ᠤᠨ GWP ᠬᠡᠮᠵᠢᠭᠳᠡᠯ ᠨᠢ 20 ᠠᠴᠠ ᠪᠠᠭ᠎ᠠ ᠪᠠᠶᠢᠵᠤ᠂ ᠣᠽᠣᠨ ᠤ ᠳᠠᠪᠬᠤᠷᠭ᠎ᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠬᠤᠯᠪᠣᠭᠳᠠᠯ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠷᠣᠯᠠᠭᠤᠯᠬᠤ ᠶᠢ ᠵᠢᠯᠣᠭᠤᠳᠤᠨ᠎ᠠ᠃          ᠠᠰᠠᠭᠤᠯᠲᠠ᠄ ︽ᠨᠡᠷᠡᠰ ᠤᠨ ᠵᠢᠭᠰᠠᠭᠠᠯᠲᠠ︾ ᠶᠢ ᠨᠡᠶᠢᠲᠡᠯᠡᠭᠰᠡᠨ ᠤ ᠳᠠᠷᠠᠭ᠎ᠠ᠂ ᠵᠠᠯᠭᠠᠭᠠᠳ ᠶᠠᠮᠠᠷ ᠶᠠᠮᠠᠷ ᠠᠵᠢᠯ ᠤᠨ ᠲᠣᠬᠢᠷᠠᠭᠤᠯᠤᠯᠲᠠ ᠬᠢᠬᠦ ᠪᠣᠶ︖          ᠬᠠᠷᠢᠭᠤᠯᠲᠠ᠄ ᠨᠢᠭᠡ ᠳᠤ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠲᠠᠢ ᠬᠤᠯᠪᠤᠭᠠᠯᠠᠨ᠂ ᠤᠬᠠᠭᠤᠯᠬᠤ᠂ ᠲᠠᠶᠢᠯᠪᠤᠷᠢᠯᠠᠬᠤ ᠪᠠ ᠳᠡᠯᠭᠡᠷᠡᠭᠦᠯᠬᠦ ᠵᠡᠷᠭᠡ ᠠᠵᠢᠯ ᠢ ᠴᠢᠩᠭᠠᠳᠬᠠᠬᠤ ᠶᠢᠨ ᠬᠠᠮᠲᠤ ᠲᠠᠨᠢᠯᠴᠠᠭᠤᠯᠤᠭᠰᠠᠨ ᠣᠷᠣᠯᠠᠬᠤ ᠪᠣᠳᠠᠰ ᠢ ᠰᠣᠩᠭᠤᠨ ᠬᠡᠷᠡᠭᠯᠡᠬᠦ ᠳᠡᠭᠡᠨ ᠬᠤᠯᠪᠣᠭᠳᠠᠯ ᠪᠦᠬᠦᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠪᠠᠷᠢᠮᠵᠢᠶ᠎ᠠ ᠶᠢᠨ ᠵᠢᠷᠤᠮᠵᠢᠯ ᠢ ᠵᠢᠷᠤᠮᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠶᠠᠷ ᠲᠤ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠶᠢ ᠣᠷᠣᠯᠠᠬᠤ ᠡᠳ᠋ ᠢ ᠵᠣᠷᠢᠭᠵᠢᠭᠤᠯᠤᠨ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠷᠣᠯᠠᠬᠤ ᠡᠳ᠋ ᠢ ᠰᠤᠳᠤᠯᠤᠨ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠵᠢᠯ ᠲᠦᠷᠦᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠣᠷᠣᠯᠠᠬᠤ ᠡᠳ᠋ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ᠭᠤᠷᠪᠠ ᠳᠤ ︽ᠨᠡᠷᠡᠰ ᠤᠨ ᠵᠢᠭᠰᠠᠭᠠᠯᠲᠠ︾ ᠶᠢ ᠦᠷᠭᠦᠯᠵᠢᠯᠡᠨ ᠰᠢᠨᠡᠳᠬᠡᠨ ᠲᠡᠭᠦᠯᠳᠡᠷᠵᠢᠭᠦᠯᠦᠨ᠎ᠡ᠃ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ ᠠᠴᠠ ᠭᠡᠷ᠎ᠡ ᠭᠦᠢᠴᠡᠳᠬᠡᠬᠦ ᠠᠳᠠᠯᠢ ᠪᠤᠰᠤ ᠱᠠᠲᠤ ᠦᠶ᠎ᠡ ᠵᠢᠴᠢ ᠬᠤᠯᠪᠣᠭᠳᠠᠯ ᠪᠦᠬᠦᠢ ᠠᠵᠢᠯ ᠲᠥᠷᠥᠯ ᠤᠨ ᠣᠷᠣᠯᠠᠬᠤ ᠡᠳ᠋ ᠪᠠ ᠣᠷᠣᠯᠠᠬᠤ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠣᠷᠣᠯᠠᠬᠤ ᠡᠳ᠋ ᠢ ᠦᠨᠡᠯᠡᠨ ᠵᠢᠱᠢᠵᠦ᠂ ᠰᠢᠯᠢᠨ ᠰᠣᠩᠭᠤᠵᠤ᠂ ︽ᠨᠡᠷᠡᠰ ᠤᠨ ᠵᠢᠭᠰᠠᠭᠠᠯᠲᠠ︾ ᠶᠢ ᠴᠠᠭ ᠲᠤᠬᠠᠢ ᠳᠤᠨᠢ ᠰᠢᠨᠡᠳᠬᠡᠨ ᠲᠡᠭᠦᠯᠳᠡᠷᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号