ᠸᠠᠩ ᠶᠥᠩ ᠹᠧᠩ
ᠨᠡᠶᠢᠲᠡᠯᠡᠭᠰᠡᠨ ᠴᠠᠭ᠄
2023/7/21
ᠸᠠᠩ ᠶᠥᠩ ᠹᠧᠩ    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ   ᠲᠣᠪᠴᠢ ᠲᠠᠨᠢᠯᠴᠠᠭᠤᠯᠭ᠎ᠠ    ᠸᠠᠩ ᠶᠦᠩ ᠹᠧᠩ᠂ ᠡᠷᠡᠭᠲᠡᠶ᠂ ᠮᠠᠨᠵᠤ ᠦᠨᠳᠦᠰᠦᠲᠡᠨ᠂ 1977 ᠣᠨ ᠤ 11 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠲᠠᠢ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠬᠤᠰᠢᠭᠤᠨ ᠳᠠᠷᠤᠭ᠎ᠠ ᠶᠢ ᠬᠠᠮᠵᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ︵ᠭᠠᠳᠠᠭᠠᠳᠤ ᠶᠠᠪᠤᠳᠠᠯ ᠤᠨ ᠠᠯᠪᠠᠨ ᠬᠡᠷ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠮᠢᠨ ᠯᠧ ᠠᠮᠤ ᠪᠤᠳᠠᠭ᠎ᠠ  ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︶᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮᠲᠤ ᠶᠢᠨ ᠥᠮᠴᠢᠯᠡᠯᠲᠦ ᠡᠳ᠋ ᠬᠥᠷᠥᠩᠭᠡ ᠶᠢᠨ ᠲᠣᠭᠠᠴᠠᠭ᠎ᠠ ᠬᠢᠬᠦ ᠲᠥᠪ᠂ ᠬᠤᠸᠠ ᠶᠤᠸᠠᠨ ᠱᠧᠩ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠬᠠᠮᠠᠳ ᠺᠠᠳ᠋ᠷ ᠤᠨ ᠦᠢᠯᠡᠴᠢᠯᠡᠭᠡᠨ ᠤ ᠲᠥᠪ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠷᠢᠯᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号