ᠼᠦᠢ ᠯᠢ ᠹᠠᠩ
ᠨᠡᠶᠢᠲᠡᠯᠡᠭᠰᠡᠨ ᠴᠠᠭ᠄
2023/7/24
ᠼᠦᠢ ᠯᠢ ᠹᠠᠩ      ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠᠬᠤᠪᠢ ᠬᠥᠮᠥᠨ ᠤ ᠲᠣᠪᠴᠢ ᠲᠠᠨᠢᠯᠴᠠᠭᠤᠯᠭ᠎ᠠ      ᠼᠦᠢ ᠯᠢ ᠹᠠᠩ᠂ ᠡᠮᠡᠭᠲᠡᠢ᠂ ᠬᠢᠲᠠᠳ ᠦᠨᠳᠦᠰᠦᠲᠡᠨ᠂ 1975 ᠣᠨ ᠤ 4 ᠰᠠᠷ᠎ᠠ ᠳᠤ ᠲᠦᠷᠦᠵᠠᠢ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1999 ᠣᠨ ᠤ 7 ᠰᠠᠷ᠎ᠠ ᠳᠤ ᠠᠵᠢᠯ ᠳᠤ ᠭᠠᠷᠴᠦ᠂ ᠤᠯᠠᠭᠠᠨᠴᠠᠪ ᠠᠶᠢᠮᠠᠭ ᠤᠨ ᠠᠵᠤ ᠠᠬᠤᠢ ᠠᠷᠠᠯᠵᠢᠶᠠᠨ ᠤ ᠵᠥᠪᠯᠡᠯ ᠳᠤ ᠠᠵᠢᠯᠯᠠᠪᠠ︔ 2008 ᠣᠨ ᠤ 11 ᠰᠠᠷ᠎ᠠ ᠳᠤ ᠠᠵᠤ ᠠᠬᠤᠢ ᠶᠢᠨ ᠠᠵᠢᠯᠯᠠᠭᠠᠨ ᠤ ᠰᠠᠯᠠᠭᠠᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2013 ᠣᠨ ᠤ 5 ᠰᠠᠷ᠎ᠠ ᠳᠤ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ ᠶᠢᠨ ᠰᠠᠯᠠᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2020 ᠣᠨ ᠤ 4 ᠰᠠᠷ᠎ᠠ ᠳᠤ ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠢ ᠡᠭᠦᠷᠭᠡᠯᠡᠪᠡ︔ 2024 ᠣᠨ ᠤ 1 ᠰᠠᠷ᠎ᠠ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠣᠯᠪᠠ᠃ᠬᠤᠪᠢᠳᠠᠨ ᠬᠠᠮᠢᠶᠠᠷᠬᠤ ᠠᠵᠢᠯ     ᠬᠤᠰᠢᠭᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠴᠠᠬᠢᠯᠭᠠᠨ ᠬᠠᠩᠭᠠᠬᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ ᠂ ᠲᠡᠮᠦᠷ ᠵᠠᠮ ᠤᠨ ᠰᠠᠯᠠᠭ᠎ᠠ ᠮᠥᠴᠢᠷ᠂ ᠵᠠᠰᠠᠮᠠᠯ ᠵᠠᠮ ᠤᠨ ᠰᠠᠯᠠᠭ᠎ᠠ ᠮᠥᠴᠢᠷ᠂ ᠢ ᠳ᠋ᠦᠩ ᠺᠣᠮᠫᠠᠨᠢ᠂ ᠯᠢᠶᠠᠨ ᠲᠥᠩ ᠺᠣᠮᠫᠠᠨᠢ᠂ ᠳ᠋ᠢᠶᠠᠨ ᠰᠢᠨ ᠺᠣᠮᠫᠠᠨᠢ᠂ ᠰᠢᠤᠳᠠᠨ ᠤ ᠲᠣᠪᠴᠢᠶ᠎ᠠ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠯᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号