ᠾᠧᠦ ᠵᠢᠶᠦ᠋ᠨ ᠢᠦᠢ
ᠨᠡᠶᠢᠲᠡᠯᠡᠭᠰᠡᠨ ᠴᠠᠭ᠄
2023/7/25
ᠾᠧᠦ ᠵᠢᠶᠦ᠋ᠨ ᠢᠦᠢ     ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢᠬᠤᠪᠢ ᠬᠥᠮᠥᠨ ᠤ ᠲᠣᠪᠴᠢ ᠲᠠᠨᠢᠯᠴᠠᠭᠤᠯᠭ᠎ᠠ     ᠾᠧᠦ ᠵᠢᠶᠦ᠋ᠨ ᠢᠦᠢ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 7 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠃ᠬᠤᠪᠢᠳᠠᠨ ᠬᠠᠮᠢᠶᠠᠷᠬᠤ ᠠᠵᠢᠯ     ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠬᠢᠳᠠᠯ ᠰᠣᠷᠪᠤᠯᠵᠢᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠳᠠᠭᠠᠳᠤ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠦᠷᠢᠳᠬᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ︶ ᠢ ᠬᠤᠪᠢᠳᠠᠨ ᠬᠠᠮᠢᠶᠠᠷᠴᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠮᠢᠨ ᠯᠧ ᠠᠮᠤ ᠪᠤᠳᠠᠭ᠎ᠠ ᠲᠣᠰᠣᠨ ᠤ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ︶᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠠᠵᠢᠯ ᠣᠯᠭᠤᠬᠤ ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮᠲᠤ ᠶᠢᠨ ᠥᠮᠴᠢᠯᠡᠯᠲᠦ ᠡᠳ᠋ ᠬᠥᠷᠥᠩᠭᠡ ᠶᠢᠨ ᠲᠣᠭᠠᠴᠠᠭ᠎ᠠ ᠬᠢᠬᠦ ᠲᠥᠪ᠂ ᠬᠤᠸᠠ ᠶᠤᠸᠠᠨ ᠱᠧᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号