6 ᠰᠠᠷ᠎ᠠ ᠶᠢᠨ 25~28 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠣᠶᠣᠯ ᠤᠨ ᠣᠷᠳᠣᠨ ᠤ ᠵᠣᠬᠢᠶᠠᠨ ᠪᠠᠶᠢᠭᠤᠯᠵᠤ ᠡᠷᠭᠢᠯᠡᠭᠰᠡᠨ ︽ᠨᠣᠣᠰᠣᠨ ᠬᠠᠳᠬᠤᠮᠠᠯ ︵ᠴᠠᠬᠠᠷ ᠤᠨ ᠨᠣᠣᠰᠣᠨ | ᠬᠠᠳᠬᠤᠮᠠᠯ︶ ᠦᠢᠯᠡᠳᠬᠦ ᠤᠷ᠎ᠠ ᠮᠡᠷᠭᠡᠵᠢᠯ︾ ᠢ ᠨᠠᠶᠢᠷᠠᠭᠤᠯᠤᠨ ᠵᠣᠬᠢᠶᠠᠬᠤ ᠰᠤᠳᠤᠯᠤᠨ ᠶᠠᠷᠢᠯᠴᠠᠬᠤ ᠬᠤᠷᠠᠯ ᠵᠢᠴᠢ | ︽ᠨᠣᠣᠰᠣᠨ ᠬᠠᠳᠬᠤᠮᠠᠯ ︵ᠴᠠᠬᠠᠷ ᠤᠨ ᠨᠣᠣᠰᠣᠨ ᠬᠠᠳᠬᠤᠮᠠᠯ︶ ᠢ ᠬᠠᠮᠠᠭᠠᠯᠠᠬᠤ ᠲᠥᠯᠥᠪᠯᠡᠭᠡ︾ ᠶᠢᠨ ᠰᠤᠳᠤᠯᠤᠨ | ᠶᠠᠷᠢᠯᠴᠠᠬᠤ ᠬᠤᠷᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠷᠠᠯᠳᠤᠪᠠ᠃ ᠲᠤᠰ ᠤᠳᠠᠭᠠᠨ ᠤ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ ᠤᠨ ︽︵ᠨᠣᠣᠰᠣᠨ ᠬᠠᠳᠬᠤᠮᠠᠯ︶ ᠴᠠᠬᠠᠷ ᠤᠨ ᠨᠣᠣᠰᠣᠨ ᠬᠠᠳᠬᠤᠮᠠᠯ︾ ᠤᠨ ᠤᠯᠠᠮᠵᠢᠯᠠᠭᠴᠢ᠂ ᠳᠤᠮᠳᠠᠳᠤ | ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠶᠡᠭᠡ ᠳᠠᠷᠬᠠᠨ ᠰᠢᠶᠣᠣ ᠵᠠᠨ ᠬᠦᠶ ᠶᠢ ᠤᠷᠢᠵᠤ᠂ ᠤᠯᠤᠰ ᠤᠨ | ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ︽ᠪᠡᠭᠡᠵᠢᠩ ᠤᠨ ᠲᠣᠷᠭᠠᠨ ᠬᠥᠮᠥᠨ︾ ᠤ | ᠤᠯᠠᠮᠵᠢᠯᠠᠭᠴᠢ᠂ ᠪᠡᠭᠡᠵᠢᠩ ᠬᠤᠲᠠ ᠶᠢᠨ ᠨᠢᠭᠡᠳᠦᠭᠡᠷ ᠳᠡᠰ ᠤᠨ ᠭᠠᠷ ᠤᠷᠠᠯᠠᠯ ᠤᠨ ᠶᠡᠭᠡ ᠳᠠᠷᠬᠠᠨ ᠣᠶ ᠰᠢᠭᠤᠢ ᠳᠤ | ᠭᠤᠯᠭᠤᠬᠤ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ︽ | ᠪᠡᠭᠡᠵᠢᠩ ᠤᠨ ᠮᠣᠩᠭᠤᠯ ᠬᠥᠪᠡᠭᠡᠲᠦ︾ ᠶᠢᠨ ᠤᠯᠠᠮᠵᠢᠯᠠᠨ ᠵᠠᠯᠭᠠᠮᠵᠢᠯᠠᠭᠴᠢ᠂ ᠪᠡᠭᠡᠵᠢᠩ ᠬᠤᠲᠠ ᠶᠢᠨ ᠨᠢᠭᠡᠳᠦᠭᠡᠷ | ᠳᠡᠰ ᠤᠨ ᠭᠠᠷ ᠤᠷᠠᠯᠠᠯ ᠤᠨ ᠶᠡᠭᠡ ᠳᠠᠷᠬᠠᠨ ᠦ᠋ ᠵᠥᠩ ᠹᠧᠩ᠂ ᠤᠯᠤᠰ ᠤᠨ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠤᠨ ︽ᠬᠦᠷᠡᠯ ᠵᠡᠪᠰᠡᠭ ᠢ ᠰᠡᠯᠪᠢᠨ ᠵᠠᠰᠠᠬᠤ ᠵᠢᠴᠢ ᠳᠠᠬᠢᠨ ᠦᠢᠯᠡᠳᠬᠦ ᠤᠷ᠎ᠠ | ᠮᠡᠷᠭᠡᠵᠢᠯ︾ ᠤᠨ ᠤᠯᠠᠮᠵᠢᠯᠠᠨ ᠵᠠᠯᠭᠠᠮᠵᠢᠯᠠᠭᠴᠢ ᠶᠦᠨ ᠰᠢᠶᠣᠣ ᠭᠠᠩ ᠵᠡᠷᠭᠡ ᠲᠤᠰᠬᠠᠢ ᠮᠡᠷᠭᠡᠵᠢᠯᠲᠡᠨ᠂ ᠲᠣᠰ | ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠪᠠᠰᠠ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠠᠯᠠᠭ᠎ᠠ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠰᠣᠶᠣᠯ ᠤᠨ ᠪᠠᠷᠢᠭᠠᠳᠠ ᠶᠢᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠣᠶᠣᠯ ᠤᠨ ᠣᠷᠳᠣᠨ ᠤ ᠬᠠᠷᠢᠭᠤᠴᠠᠯᠭᠠᠲᠠᠨ ᠣᠷᠣᠯᠴᠠᠭᠰᠠᠨ ᠪᠠᠶᠢᠨ᠎ᠠ᠃ | | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂︽︵ᠨᠣᠣᠰᠣᠨ ᠬᠠᠳᠬᠤᠮᠠᠯ︶ᠴᠠᠬᠠᠷ ᠤᠨ ᠨᠣᠣᠰᠣᠨ ᠬᠠᠳᠬᠤᠮᠠᠯ︾ | ᠢ ᠬᠠᠮᠠᠭᠠᠯᠠᠬᠤ ᠨᠢᠭᠡᠴᠡ ᠶᠢᠨ ᠬᠠᠷᠢᠭᠤᠴᠠᠯᠭᠠᠲᠠᠨ ᠠᠴᠠ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠣᠯᠣᠨ | ᠨᠥᠬᠦᠳ ᠲᠤ︽ᠨᠣᠣᠰᠣᠨ ᠬᠠᠳᠬᠤᠮᠠᠯ︵ᠴᠠᠬᠠᠷ ᠤᠨ ᠨᠣᠣᠰᠣᠨ ᠬᠠᠳᠬᠤᠮᠠᠯ︶ ᠢ ᠦᠢᠯᠡᠳᠬᠦ ᠤᠷ᠎ᠠ ᠮᠡᠷᠭᠡᠵᠢᠯ︾ ᠢ | ᠨᠠᠶᠢᠷᠠᠭᠤᠯᠤᠨ ᠬᠡᠪᠯᠡᠭᠦᠯᠬᠦ᠂ ︽ᠨᠣᠣᠰᠣᠨ ᠬᠠᠳᠬᠤᠮᠠᠯ︵ᠴᠠᠬᠠᠷ ᠤᠨ ᠨᠣᠣᠰᠣᠨ ᠬᠠᠳᠬᠤᠮᠠᠯ︶ ᠢ ᠬᠠᠮᠠᠭᠠᠯᠠᠬᠤ | ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠬᠤ ᠶᠢᠨ ᠴᠢᠬᠤᠯᠠ ᠴᠢᠨᠠᠷ᠂ ᠱᠠᠭᠠᠷᠳᠠᠯᠭ᠎ᠠ ᠪᠣᠯᠣᠨ ᠠᠴᠢ ᠬᠤᠯᠪᠣᠭᠳᠠᠯ ᠢ | ᠨᠠᠷᠢᠨ ᠲᠠᠨᠢᠯᠴᠠᠭᠤᠯᠵᠠᠢ᠃ᠬᠤᠷᠠᠯ ᠳᠤ ᠣᠷᠣᠯᠴᠠᠭᠰᠠᠳ ᠨᠣᠮ ᠪᠢᠴᠢᠭ ᠤᠨ ᠲᠢᠭ᠂ ᠪᠦᠲᠦᠴᠡ᠂ ᠵᠢᠷᠤᠭ ᠲᠣᠬᠢᠷᠠᠭᠤᠯᠬᠤ᠂ | ᠦᠵᠡᠯ ᠤᠬᠠᠮᠰᠠᠷ ᠤᠨ ᠬᠡᠯᠪᠡᠷᠢ ᠵᠡᠷᠭᠡ ᠲᠠᠯ᠎ᠠ ᠪᠠᠷ ᠨᠠᠷᠢᠨ ᠬᠢᠨᠠᠮᠠᠭᠠᠢ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠪᠠᠨ | ᠭᠠᠷᠭᠠᠭᠰᠠᠨ ᠪᠠᠶᠢᠨ᠎ᠠ᠃ ᠨᠣᠮ ᠤᠨ ᠲᠢᠭ᠂ ᠪᠦᠲᠦᠴᠡ᠂ ᠵᠢᠷᠤᠭ ᠲᠣᠬᠢᠷᠠᠭᠤᠯᠬᠤ᠂ ᠦᠵᠡᠯ ᠤᠬᠠᠮᠰᠠᠷ ᠤᠨ ᠬᠡᠯᠪᠡᠷᠢ ᠶᠢᠨ | ᠲᠠᠯ᠎ᠠ ᠪᠠᠷ ᠨᠠᠷᠢᠨ ᠬᠢᠨᠠᠮᠠᠭᠠᠢ ᠶᠠᠷᠢᠯᠴᠠᠭᠰᠠᠨ ᠤ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃ | | ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ︽ᠨᠣᠣᠰᠣᠨ ᠬᠠᠳᠬᠤᠮᠠᠯ ︵ᠴᠠᠬᠠᠷ ᠤᠨ ᠨᠣᠣᠰᠣᠨ | ᠬᠠᠳᠬᠤᠮᠠᠯ︶ ᠢ ᠬᠠᠮᠠᠭᠠᠯᠠᠬᠤ ᠲᠥᠯᠥᠪᠯᠡᠭᠡ︾ ᠶᠢ ᠰᠤᠳᠤᠯᠤᠨ ᠶᠠᠷᠢᠯᠴᠠᠬᠤ ᠶᠠᠪᠤᠴᠠ ᠳᠤ᠂ ᠴᠠᠬᠠᠷ ᠤᠨ ᠨᠣᠣᠰᠣᠨ | ᠬᠠᠳᠬᠤᠮᠠᠯ ᠢ ᠤᠯᠠᠮᠵᠢᠯᠠᠬᠤ ᠪᠠ ᠬᠥᠭᠵᠢᠭᠦᠯᠬᠦ᠂ ᠬᠤᠪᠢᠷᠠᠭᠤᠯᠬᠤ ᠪᠠ ᠠᠰᠢᠭᠯᠠᠬᠤ ᠲᠠᠯ᠎ᠠ ᠪᠠᠷ ᠭᠤᠣᠯᠳᠠᠯᠭ᠎ᠠ ᠲᠠᠢ | ᠨᠤᠲᠠᠯᠠᠯᠲᠠ ᠬᠢᠵᠦ᠂ ᠴᠠᠬᠠᠷ ᠤᠨ ᠨᠣᠣᠰᠣᠨ ᠬᠠᠳᠬᠤᠮᠠᠯ ᠢ ᠬᠡᠷᠬᠢᠨ ᠵᠤᠭᠠᠴᠠᠯ ᠤᠨ ᠠᠵᠤ ᠠᠬᠤᠢ ᠲᠠᠢ | ᠠᠭᠤᠰᠤᠯᠴᠠᠭᠤᠯᠤᠨ ᠬᠥᠭᠵᠢᠭᠦᠯᠬᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ | ᠪᠠᠶᠢᠭᠤᠯᠤᠯᠲᠠ ᠶᠢ ᠬᠡᠷᠬᠢᠨ ᠠᠬᠢᠭᠤᠯᠬᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠬᠡᠷᠬᠢᠨ ᠪᠠᠳᠠᠷᠠᠭᠤᠯᠬᠤ᠂ | ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠲᠡᠮᠳᠡᠭ ᠢ ᠡᠭᠦᠳᠬᠦ ᠲᠤᠬᠠᠢ ᠮᠠᠰᠢ ᠤᠯᠠᠨ ᠪᠦᠲᠦᠭᠡᠯᠴᠢ | ᠴᠢᠨᠠᠷᠲᠠᠢ ᠰᠠᠨᠠᠯ ᠳᠤᠷᠠᠳᠴᠠᠢ᠃ | | ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠬᠤᠶᠠᠷ ᠡᠳᠦᠷ ᠤᠨ ᠬᠠᠯᠠᠭᠤᠨ | ᠶᠠᠷᠢᠯᠴᠠᠭ᠎ᠠ ᠪᠠᠷ ᠳᠠᠮᠵᠢᠭᠠᠳ ᠲᠡᠭᠦᠰ ᠠᠮᠵᠢᠯᠲᠠ ᠣᠯᠵᠤ᠂ ︽ᠨᠣᠣᠰᠣᠨ ᠬᠠᠳᠬᠤᠮᠠᠯ ︵ᠴᠠᠬᠠᠷ ᠤᠨ ᠨᠣᠣᠰᠣᠨ | ᠬᠠᠳᠬᠤᠮᠠᠯ︶ ᠦᠢᠯᠡᠳᠬᠦ ᠤᠷ᠎ᠠ ᠮᠡᠷᠭᠡᠵᠢᠯ︾ ᠢᠶᠠᠷ ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠪᠣᠯᠭᠠᠵᠤ᠂ ᠨᠣᠣᠰᠣᠨ | ᠬᠠᠳᠬᠤᠮᠠᠯ ᠦᠢᠯᠡᠳᠬᠦ ᠶᠠᠪᠤᠴᠠ ᠪᠠ ᠤᠷ᠎ᠠ ᠮᠡᠷᠭᠡᠵᠢᠯ ᠢ ᠤᠯᠠᠮ ᠨᠢᠭᠡ ᠠᠯᠬᠤᠮ ᠨᠠᠷᠢᠰᠬᠠᠵᠤ᠂ ᠰᠤᠷᠤᠭᠴᠢᠳ ᠢ | ᠳᠥᠭᠦᠮ ᠣᠶᠢᠯᠠᠭᠠᠮᠵᠢᠲᠠᠢ ᠪᠣᠯᠭᠠᠵᠤ᠂ ᠴᠠᠬᠠᠷ ᠤᠨ ᠨᠣᠣᠰᠣᠨ ᠬᠠᠳᠬᠤᠮᠠᠯ ᠢ ᠤᠯᠠᠮᠵᠢᠯᠠᠬᠤ᠂ ᠪᠣᠯᠪᠠᠰᠤᠷᠠᠭᠤᠯᠬᠤ᠂ | ᠲᠦᠭᠡᠮᠡᠯᠵᠢᠭᠦᠯᠬᠦ ᠳᠤ ᠴᠢᠬᠤᠯᠠ ᠦᠢᠯᠡᠳᠦᠯ ᠭᠠᠷᠭᠠᠭᠰᠠᠨ ᠪᠠᠶᠢᠨ᠎ᠠ᠃ | |