ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠭᠤᠷᠪᠠ ᠶᠢ ᠴᠢᠬᠤᠯᠠᠴᠢᠯᠠᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠨ᠎ᠡ
ᠨᠡᠶᠢᠲᠡᠯᠡᠭᠰᠡᠨ ᠴᠠᠭ᠄
2023/8/14
         ᠡᠨᠡ ᠵᠢᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠤ ᠰᠤᠷᠲᠠᠯ ᠢ ᠪᠣᠶᠢᠵᠢᠭᠤᠯᠬᠤ ᠶᠢ ᠴᠢᠬᠤᠯᠠᠴᠢᠯᠠᠨ᠂ ᠡᠷᠴᠢᠮ ᠢᠶᠠᠨ ᠰᠤᠯᠠᠷᠠᠭᠤᠯᠬᠤ ᠦᠭᠡᠢ᠂ ᠬᠠᠯᠠᠭᠤᠨ ᠰᠡᠳᠬᠢᠯᠭᠡ ᠪᠠᠨ ᠰᠤᠯᠠᠷᠠᠭᠤᠯᠬᠤ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠪᠡᠷ ᠢ ᠪᠠᠨ ᠳᠠᠷᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠡᠰ ᠭᠤᠶᠢᠪᠢᠰᠢ ᠦᠭᠡᠢ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠲᠠᠰ ᠳᠡᠪᠰᠢᠭᠰᠡᠨ ᠬᠡᠪ ᠪᠣᠯᠭᠠᠨ ᠰᠠᠶᠢᠲᠤᠷ ᠴᠣᠭᠴᠠᠯᠠᠨ᠎ᠠ᠃          ᠨᠢᠭᠡ᠂ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠴᠢᠬᠤᠯᠠᠴᠢᠯᠠᠵᠤ ᠶᠠᠳᠠᠭᠤᠷᠠᠯ ᠢ ᠪᠤᠢ ᠪᠣᠯᠭᠠᠬᠤ ᠲᠠᠬᠢᠨ ᠶᠠᠳᠠᠭᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ          ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 20 ᠭᠠᠷᠤᠢ ᠵᠦᠢᠯ ᠤᠨ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠪᠢᠴᠢᠭ ᠮᠠᠲ᠋ᠧᠷᠢᠶᠠᠯ ᠢ ᠲᠣᠭᠲᠠᠭᠠᠨ ᠲᠡᠭᠦᠯᠳᠡᠷᠵᠢᠭᠦᠯᠵᠦ᠂ ᠶᠡᠷᠦᠩᠬᠡᠢ  ᠳᠤᠨᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠣᠭᠲᠠᠭᠤᠨ ᠢᠶᠠᠷ ᠰᠢᠯᠵᠢᠬᠦ ᠪᠠ ᠦᠷᠭᠦᠯᠵᠢᠯᠡᠬᠦ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠷᠦᠬᠡ ᠠᠮᠠ ᠠᠴᠠ ᠪᠠᠨ ᠰᠠᠯᠤᠭᠰᠠᠨ ᠡᠷᠦᠬᠡ 7421 ᠡᠷᠦᠬᠡ 14612 ᠪᠠᠶᠢᠨ᠎ᠠ︔ ᠬᠢᠨᠠᠨ ᠰᠢᠯᠭᠠᠬᠤ ᠡᠷᠦᠬᠡ 1419 ᠡᠷᠦᠬᠡ 2743 ᠬᠥᠮᠥᠨ︔ ᠠᠶᠤᠯ ᠲᠦᠭᠰᠢᠭᠦᠷᠢ ᠶᠢ ᠬᠢᠨᠠᠨ ᠬᠡᠮᠵᠢᠬᠦ ᠡᠲᠡᠭᠡᠳ ᠢ ᠠᠷᠢᠯᠭᠠᠭᠰᠠᠨ ᠦᠭᠡᠢ 815 ᠡᠷᠦᠬᠡ ᠶᠢᠨ 1521 ᠬᠥᠮᠥᠨ ᠪᠠᠶᠢᠵᠤ᠂ ᠪᠦᠬᠦᠨ ᠢᠶᠠᠷ ᠢᠶᠠᠨ ᠵᠣᠬᠢᠴᠠᠩᠭᠤᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠠᠢ᠃ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠲᠠᠯ᠎ᠠ ᠪᠠᠷ᠃ ᠳᠡᠭᠡᠷ᠎ᠡ ᠬᠠᠭᠠᠰ ᠵᠢᠯ ᠳᠤ ᠨᠡᠶᠢᠲᠡ 2365 ᠰᠣᠷᠣᠭᠴᠢ ᠶᠢ ᠲᠤᠰᠠᠯᠠᠵᠤ᠂ 149 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠵᠠᠢ︔ᠡᠮ ᠡᠮᠨᠡᠯᠭᠡ ᠶᠢᠨ ᠪᠠᠲᠤᠯᠠᠭ᠎ᠠ ᠵᠢᠨ‌‍ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠡᠮᠴᠢᠯᠡᠭᠡᠨ ᠤ ᠲᠠᠩᠰᠠ ᠲᠠᠶᠢᠯᠬᠤ ᠶᠢ 4382 ᠬᠥᠮᠥᠨ ᠤᠳᠠᠭ᠎ᠠ 1213.7 ᠲᠦᠮᠡᠨ ᠲᠥᠭᠦᠷᠢᠭ ᠭᠥᠯᠢᠶᠡᠨ ᠠᠪᠴᠤ ᠰᠢᠢᠳᠪᠦᠷᠢᠯᠡᠵᠡᠢ᠃ ᠣᠷᠣᠨ ᠰᠠᠭᠤᠴᠠ ᠶᠢᠨ ᠠᠶᠤᠯᠭᠦᠢ ᠪᠠᠶᠢᠬᠤ ᠲᠠᠯ᠎ᠠ ᠪᠠᠷ᠃ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠢ ᠨᠡᠶᠢᠲᠡ ᠴᠣᠭᠴᠠ ᠶᠢᠨ 64 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠬᠡᠷᠡᠭᠵᠢᠭᠦᠯᠵᠦ᠂ ᠣᠲᠣ ᠨᠢᠭᠡᠨᠲᠡ ᠪᠥᠬᠦ ᠲᠠᠯ᠎ᠠ ᠪᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ᠃ ᠤᠰᠤ ᠤᠮᠳᠠ ᠶᠢᠨ ᠠᠮᠤᠷ ᠲᠦᠪᠰᠢᠨ ‍ᠦ‌ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠩᠭᠤᠵᠢᠭᠤᠯᠤᠨ ᠪᠠᠶᠢᠴᠠᠭᠠᠵᠤ ᠠᠷᠠᠴᠢᠯᠠᠨ ᠬᠠᠮᠠᠭᠠᠯᠠᠬᠤ ᠶᠢ ᠥᠷᠨᠢᠭᠦᠯᠵᠦ᠂ 810 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠶᠠᠨᠴᠠᠭᠠᠨ ᠪᠠᠯᠭᠠᠰᠤᠨ ᠤ ᠭᠤᠸ ᠵᠢᠶᠠ ᠳ᠋ᠢ᠂ ᠳ᠋ᠠ ᠯᠢᠦ ᠬᠤᠣ ᠪᠠᠯᠭᠠᠰᠦᠨ ᠤ ᠹᠧᠩ ᠢᠦᠢ᠂ ᠨᠠᠨ ᠯᠢᠶᠠᠩ ᠵᠡᠷᠭᠡ 13 ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 1560 ᠬᠥᠮᠥᠨ ᠠᠮᠠ ᠳᠤ ᠠᠰᠢᠭ ᠬᠦᠷᠲᠡᠭᠡᠪᠡ᠃ ᠦᠨᠳᠦᠰᠦᠨ ᠵᠦᠢᠯ ᠢ ᠪᠠᠲᠤᠯᠠᠬᠤ ᠲᠠᠯ᠎ᠠ ᠪᠠᠷ᠃ᠨᠡᠶᠢᠲᠡ 5427 ᠡᠷᠦᠬᠡ ᠶᠢᠨ 9041 ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠪᠠ ᠬᠢᠨᠠᠨ ᠰᠢᠯᠭᠠᠬᠤ ᠡᠲᠡᠭᠡᠳ ᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ 370 ᠬᠥᠮᠥᠨ ᠢ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠳᠤ ᠣᠷᠣᠭᠤᠯᠤᠨ᠂ 189 ᠬᠥᠮᠥᠨ ᠳᠤ ᠲᠦᠷ ᠴᠠᠭ ᠤᠨ ᠠᠪᠤᠷᠠᠨ ᠲᠤᠰᠠᠯᠠᠯᠲᠠ ᠭᠥᠷᠳᠡᠵᠦ᠂ ᠣᠳᠣᠬᠠᠨ ᠳᠤ ᠨᠢᠭᠡᠨᠲᠡ ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ 580 ᠲᠦᠮᠡᠨ ᠲᠥᠭᠦᠷᠢᠭ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠮᠥᠩᠭᠦ 62 ᠲᠦᠮᠡᠨ ᠲᠥᠭᠦᠷᠢᠭ ᠲᠠᠷᠬᠠᠭᠠᠪᠠ︔ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠢ ᠨᠡᠶᠢᠳᠡ 1281 ᠬᠥᠮᠥᠨ ᠤᠳᠠᠭ᠎ᠠ ᠶᠢᠨ 224.4 ᠲᠦᠮᠡᠨ ᠲᠥᠭᠦᠷᠢᠭ ᠤᠨ ᠲᠥᠯᠥᠪᠦᠷᠢ ᠥᠭᠴᠦ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠲᠤ ᠰᠠᠬᠢᠪᠠ᠃         ᠬᠤᠶᠠᠷ᠂ ᠠᠵᠤ ᠦᠢᠯᠡᠰ ᠤᠨ ᠬᠥᠭᠵᠢᠯᠲᠡ ᠶᠢ ᠴᠢᠬᠤᠯᠠᠴᠢᠯᠠᠵᠤ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ          ᠪᠥᠬᠦ ᠬᠤᠲᠠ ᠶᠢᠨ ︽ᠪᠤᠭᠤᠳᠠᠢ ᠨᠣᠭᠤᠭ᠎ᠠ ᠶᠢᠨ ᠲᠥᠮᠥᠰᠥ᠂ ᠦᠬᠡᠷ ᠬᠤᠨᠢᠨ ᠤ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠤᠨ ᠲᠣᠭᠤᠷᠢᠨ ᠳᠤ᠂ ᠵᠢᠷᠭᠤᠭᠠᠨ ᠶᠡᠭᠡ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ 1.08 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ︽ᠪᠢᠰᠢᠯᠠᠭ ᠤᠨ ᠵᠢᠵᠢᠭ ᠪᠠᠯᠭᠠᠰᠤ︾ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠴᠠᠭᠠᠨ ᠢᠳᠡᠭᠡᠨ ᠤ ᠦᠢᠯᠡᠳᠪᠦᠷᠢᠯᠡᠯ ᠤᠨ 5 ᠠᠵᠤ ᠠᠬᠤᠶᠢᠯᠠᠯ ᠨᠢᠭᠡᠨᠲᠡ ᠭᠡᠷ᠎ᠡ ᠲᠣᠭᠲᠠᠵᠤ ᠰᠠᠭᠤᠷᠢᠰᠢᠪᠠ᠃5600 ᠮᠦ ᠲᠥᠮᠥᠰᠥᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ 10 ᠲᠦᠮᠡᠨ ᠮᠦ ᠲᠥᠮᠥᠰᠥᠨ ᠤ ᠰᠣᠳᠣᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ᠲᠦᠮᠡᠨ ᠮᠦ ᠶᠢᠨ ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 1 ᠪᠠᠶᠢᠭᠤᠯᠬᠤ ᠪᠠᠷ ᠲᠥᠯᠥᠪᠯᠡᠵᠦ᠂ 7 ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠣᠷᠣᠭᠤᠯᠤᠨ ᠨᠤᠲᠤᠭᠰᠢᠭᠤᠯᠵᠤ᠂ ᠠᠯᠠᠰᠢᠨ ᠦᠬᠡᠷ ᠤᠨ ᠰᠦᠷᠦᠭ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ᠂ ᠠᠯᠠᠰᠢᠨ ᠦᠬᠡᠷ ᠤᠨ ᠴᠢᠨᠠᠷ ᠰᠠᠶᠢᠲᠠᠢ ᠬᠥᠯᠳᠡᠭᠡᠭᠰᠡᠨ ᠱᠠᠩᠨᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠯᠠᠰᠢᠨ ᠦᠬᠡᠷ ᠤᠨ ᠴᠢᠨᠠᠷ ᠴᠢᠨᠰᠠᠭ᠎ᠠ᠂ ᠪᠦᠲᠦᠴᠡ ᠶᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠦᠬᠡᠷ ᠤᠨ ᠮᠢᠬ᠎ᠠ ᠶᠢᠨ ᠲᠤᠭ᠎ᠠ 8.3 ᠲᠦᠮᠡ ᠳᠤ ᠬᠥᠷᠪᠡ᠃ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ 5 ᠠᠵᠤ ᠠᠬᠤᠶᠢᠯᠠᠯ ︽ᠤᠯᠠᠭᠠᠨᠴᠠᠪ ᠤᠨ ᠤᠤᠯ ᠤᠨ ᠦᠨᠦᠷ ᠠᠮᠲᠠ ᠲᠠᠢ ᠡᠷᠬᠡ ᠣᠯᠭᠤᠯᠲᠠ︾ ᠶᠢ ᠭᠥᠷᠳᠡᠵᠦ᠂ 44 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠣᠬᠢᠷᠲᠤᠯ ᠦᠭᠡᠢ ᠣᠷᠭᠠᠨᠢᠭ ᠭᠡᠷᠡᠴᠢᠯᠡᠭᠡ ᠶᠢ ᠥᠩᠭᠡᠷᠡᠭᠡᠵᠦ᠂ 9 ᠪᠦᠲᠦᠭᠡᠭᠳᠡᠬᠦᠨ ᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠰ ᠲᠤ ᠣᠷᠣᠭᠤᠯᠪᠠ᠃1.17 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ 5662.15 ᠲᠦᠮᠡᠨ ᠲᠥᠭᠦᠷᠢᠭ ᠲᠤ ᠬᠦᠷᠴᠦ᠂ 47 ᠲᠥᠷᠥᠯ ᠵᠦᠢᠯ ᠢ ᠬᠡᠷᠡᠭᠵᠢᠭᠦᠯᠦᠨ᠂ ᠣᠳᠣᠬᠠᠨ ᠳᠤ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠪᠡ᠃ ᠠᠵᠤ ᠦᠢᠯᠡᠰ ᠤᠨ ᠲᠥᠷᠥᠯ ᠵᠦᠢᠯ᠂ ᠠᠵᠢᠯ ᠬᠥᠳᠡᠯᠮᠦᠷᠢ ᠬᠢᠵᠦ ᠠᠵᠢᠯ ᠣᠯᠭᠤᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠳᠠᠪᠬᠤᠴᠠᠭᠤᠯᠬᠤ ᠪᠠᠷ ᠳᠠᠮᠵᠢᠭᠤᠯᠤᠨ᠂ ᠬᠥᠳᠡᠯᠮᠦᠷᠢᠯᠡᠬᠦ ᠴᠢᠳᠠᠪᠤᠷᠢ ᠲᠠᠢ ᠪᠠ ᠬᠦᠰᠡᠯ ᠡᠷᠡᠮᠡᠯᠵᠡᠯ ᠲᠠᠢ 7000 ᠭᠠᠷᠤᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠶᠢ ᠬᠠᠪᠰᠤᠷᠤᠨ ᠲᠡᠳᠬᠦᠵᠦ᠂ ᠬᠥᠮᠥᠨ ᠳᠤᠮᠳᠠᠴᠢ ᠶᠢᠨ ᠣᠷᠣᠯᠭ᠎ᠠ 6000 ᠲᠥᠭᠦᠷᠢᠭ ᠨᠡᠮᠡᠭᠳᠡᠪᠡ᠃ ᠪᠥᠬᠦ ᠬᠤᠰᠢᠭᠤᠨ ᠤ 59 ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ ᠨᠡᠶᠢᠲᠡ 1.23 ᠳ᠋ᠦᠩᠰᠢᠭᠤᠷ ᠲᠥᠭᠦᠷᠢᠭ ᠤᠨ ᠴᠠᠬᠢᠯᠭᠠᠨ ᠭᠠᠷᠭᠠᠵᠤ᠂ ᠪᠣᠶ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠲᠤ ᠬᠥᠷᠪᠡ᠃          ᠭᠤᠷᠪᠠ᠂ ᠬᠥᠳᠡᠭᠡ ᠲᠣᠰᠬᠤᠨ ᠤ ᠬᠡᠪ ᠰᠤᠷᠲᠠᠯ ᠢ ᠪᠣᠶᠢᠵᠢᠭᠤᠯᠬᠤ ᠶᠢ ᠴᠢᠬᠤᠯᠠᠴᠢᠯᠠᠵᠤ᠂ ᠡᠶ᠎ᠡ ᠵᠤᠬᠢᠴᠠᠯᠲᠦ ᠦᠵᠡᠰᠭᠦᠯᠡᠩᠲᠦ ᠬᠥᠳᠡᠭᠡ ᠲᠣᠰᠬᠤᠨ ᠢ ᠬᠠᠮᠲᠤᠪᠠᠷ ᠪᠦᠲᠦᠭᠡᠨ ᠪᠠᠶᠢᠭᠤᠯᠤᠨ᠎ᠠ          ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠥᠯᠦᠪᠵᠢᠭᠦᠯᠭᠡ ᠶᠢ ᠨᠢᠭᠡᠳᠬᠡᠭᠰᠡᠨ ᠬᠡᠷᠡᠭᠯᠡᠭᠡᠨ ᠤ ᠴᠢᠨᠠᠷᠲᠠᠢ 71 ᠠᠶᠢᠯ ᠲᠣᠰᠬᠤᠨ ᠤ ᠲᠥᠯᠦᠪᠵᠢᠭᠦᠯᠭᠡ ᠶᠢ ᠪᠡᠶᠡᠯᠡᠭᠦᠯᠦᠨ᠎ᠡ︔ ᠵᠤᠵᠠᠭᠠᠨ ᠰᠦᠯᠢᠶᠥᠦ ᠪᠦᠷᠬᠦᠪᠴᠢ᠂ ᠪᠥᠬᠦ ᠠᠮᠢᠳᠤ ᠪᠣᠳᠠᠰ ᠤᠨ ᠵᠠᠳᠠᠷᠠᠭᠤᠯᠤᠨ ᠵᠠᠳᠠᠷᠠᠭᠤᠯᠬᠤ ᠰᠦᠯᠢᠶᠥᠦ ᠪᠦᠷᠬᠦᠪᠴᠢ ᠶᠢ 13.45 ᠲᠦᠮᠡᠨ ᠮᠦ ᠳᠡᠯᠭᠡᠷᠡᠭᠦᠯᠦᠨ ᠬᠡᠷᠡᠭᠯᠡᠪᠡ︔ᠰᠢᠶᠠᠩ ᠪᠠᠯᠭᠠᠰᠤᠨ ᠤ ᠱᠠᠲᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ 1 ᠪᠠᠶᠢᠭᠤᠯᠤᠨ᠎ᠠ᠃ᠨᠡᠶᠢᠲᠡ 8141 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠳᠡᠭᠡᠭᠰᠢᠯᠡᠭᠦᠯᠵᠦ᠂ 3 ᠪᠠᠶᠢᠭᠤᠯᠤᠯᠲᠠᠲᠤ ᠪᠠᠯᠭᠠᠰᠤ ᠶᠢᠨ 9 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠵᠦᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ 11 ᠠᠶᠢᠯ ᠲᠣᠰᠬᠤᠨ ᠳᠤ ᠲᠥᠪᠯᠡᠷᠡᠩᠭᠦᠢ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠲᠣᠰᠬᠤᠨ ᠳᠤ ᠰᠠᠭᠤᠬᠤ 93 ᠠᠵᠢᠯᠯᠠᠬᠤ ᠠᠩᠭᠢ᠂ ᠲᠣᠰᠬᠤᠨ ᠳᠤ ᠰᠠᠭᠤᠬᠤ 275 ᠺᠠᠳ᠋ᠷ ᠢ ᠰᠢᠯᠢᠳᠡᠭᠵᠢᠭᠦᠯᠦᠨ ᠲᠣᠬᠢᠷᠠᠭᠤᠯᠵᠤ᠂ ᠦᠨᠳᠦᠰᠦᠨ ᠱᠠᠲᠤᠨ ᠤ ᠠᠵᠢᠯ ᠤᠨ ᠬᠦᠴᠦᠨ ᠤ ᠰᠢᠯᠢᠳᠡᠭ ᠢ ᠰᠣᠩᠭᠤᠨ ᠬᠦᠴᠦᠷᠬᠡᠭ ᠢ ᠲᠣᠬᠢᠷᠠᠭᠤᠯᠪᠠ᠃ ᠪᠠᠯᠭᠠᠰᠤ ᠲᠣᠰᠬᠤᠨ ᠬᠤᠶᠠᠷ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠠᠩᠬ᠎ᠠ ᠬᠦᠯᠢᠶᠡᠨ ᠠᠪᠴᠤ ᠠᠩᠬ᠎ᠠ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ 2᠂ ᠥᠪᠡᠷᠲᠡᠭᠡᠨ ᠵᠠᠰᠠᠬᠤ ᠣᠷᠣᠨ ᠤ ᠲᠠᠰ ᠤᠨ 2᠂ ᠬᠤᠲᠠ ᠶᠢᠨ ᠲᠠᠰ ᠤᠨ 26 ᠂ ᠬᠤᠰᠢᠭᠤᠨ ᠤ ᠲᠠᠰ ᠤᠨ 30 ᠶᠢ ᠡᠭᠦᠳᠦᠨ ᠪᠠᠶᠢᠭᠤᠯᠪᠠ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号