ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 17.6 ᠲᠦᠮᠡᠨ ᠮᠦ ᠪᠤᠭᠤᠳᠠᠢ ᠡᠯᠪᠡᠭ ᠬᠤᠷᠢᠶᠠᠯᠲᠠ ᠣᠯᠵᠤ ᠬᠠᠳᠤᠵᠤ ᠡᠬᠢᠯᠡᠪᠡ
ᠨᠡᠶᠢᠲᠡᠯᠡᠭᠰᠡᠨ ᠴᠠᠭ᠄
2023/8/18
         ᠣᠶᠢᠷ᠎ᠠ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 17.6 ᠲᠦᠮᠡᠨ ᠮᠦ ᠪᠤᠭᠤᠳᠠᠢ ᠨᠢᠭᠡᠨᠲᠡ ᠪᠣᠯᠪᠠᠰᠤᠷᠠᠬᠤ ᠬᠤᠭᠤᠴᠠᠭᠠᠨ ᠳᠠᠭᠠᠨ ᠣᠷᠣᠵᠤ᠂ ᠬᠤᠶᠢᠨ᠎ᠠ ᠬᠤᠶᠢᠨ᠎ᠠ ᠠᠴᠠ ᠪᠠᠨ ᠬᠠᠳᠤᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠡᠢ᠃
         ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤᠨ ᠤ ᠼᠤᠤ ᠪᠦᠦ ᠬᠠᠨ ᠲᠣᠰᠬᠤᠨ ᠤ ᠠᠷᠠᠳ ᠤᠨ ᠵᠥᠪᠯᠡᠯ ᠤᠨ ᠾᠧᠦ ᠴᠢᠦᠢ ᠲᠣᠰᠬᠤᠨ ᠤ ᠲᠠᠷᠢᠮᠠᠯ ᠤᠨ ᠡᠷᠦᠬᠡ ᠯᠢ ᠯᠢᠶᠠᠨ ᠫᠢᠩ ᠡᠨᠡ ᠵᠢᠯ 600 ᠮᠦ ᠪᠤᠭᠤᠳᠠᠢ ᠲᠠᠷᠢᠵᠦ᠂ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠪᠤᠭᠤᠳᠠᠢ ᠶᠢᠨ ᠲᠠᠷᠢᠶᠠᠨ ᠳᠤ ᠬᠠᠳᠤᠵᠤ ᠬᠤᠷᠢᠶᠠᠬᠤ ᠮᠠᠰᠢᠨ ᠬᠦᠩᠭᠢᠨᠡᠨ ᠤᠷᠤᠭᠰᠢᠯᠠᠵᠤ᠂ ᠪᠤᠭᠤᠳᠠᠢ ᠬᠠᠳᠤᠵᠤ᠂ ᠮᠥᠯᠢᠵᠦ᠂ ᠨᠢᠭᠡ ᠯᠡ ᠠᠮᠢᠰᠬᠤᠭ᠎ᠠ ᠪᠠᠷ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠡᠢ᠃
         ︽ᠪᠢ ᠡᠨᠡ ᠵᠢᠯ 600 ᠮᠦ ᠪᠤᠭᠤᠳᠠᠢ ᠳᠠᠷᠢᠵᠠᠢ᠂ ᠮᠦ ᠪᠦᠷᠢ ᠶᠢᠨ ᠤᠨᠠᠯᠲᠠ 1100 ᠭᠠᠷᠤᠢ ᠵᠢᠩ ᠳᠤ ᠬᠦᠷᠴᠦ᠂ ᠮᠦ ᠪᠦᠷᠢ ᠶᠢᠨ ᠣᠷᠣᠯᠭ᠎ᠠ ᠨᠢ 500 ᠭᠠᠷᠤᠢ ᠲᠥᠭᠦᠷᠢᠭ ᠲᠤ ᠬᠦᠷᠴᠦ᠂ ᠨᠢᠳᠤᠨᠤᠨ ᠤ ᠮᠦ ᠪᠦᠷᠢ ᠶᠢᠨ  ᠬᠢ ᠠᠴᠠ 100  — — 200 ᠵᠢᠩ ᠢᠯᠡᠭᠦᠦ ᠨᠡᠮᠡᠭᠳᠡᠵᠡᠢ︵ᠨᠡᠮᠡᠭᠰᠡᠨ︶᠂ ᠡᠨᠡ ᠵᠢᠯ 600 ᠮᠦ ︵ᠣᠷᠣᠯᠭ᠎ᠠ︶30 ᠭᠠᠷᠤᠢ ᠲᠦᠮᠡᠨ ᠲᠥᠭᠦᠷᠢᠭ ᠲᠤ ᠬᠦᠷᠴᠡᠢ︾ ᠭᠡᠵᠦ ᠯᠢ ᠯᠢᠶᠠᠨ ᠫᠢᠩ ᠰᠤᠷᠪᠤᠯᠵᠢᠯᠠᠭᠴᠢ ᠳᠤ ᠲᠠᠨᠢᠯᠴᠠᠭᠤᠯᠪᠠ᠃
         ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠪᠤᠭᠤᠳᠠᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠳᠡᠭᠡᠭᠰᠢᠯᠡᠭᠦᠯᠪᠡ᠃ᠡᠨᠡ ᠵᠢᠯ ᠪᠥᠬᠦ ᠬᠤᠰᠢᠭᠤᠨ ᠤ ᠪᠤᠭᠤᠳᠠᠢ ᠶᠢᠨ ᠲᠠᠷᠢᠮᠠᠯ ᠤᠨ ᠶᠡᠷᠦᠩᠬᠡᠢ ᠲᠠᠯᠠᠪᠠᠶ 17.6 ᠲᠦᠮᠡᠨ ᠮᠦ ᠳᠤ ᠬᠦᠷᠴᠦ᠂ ᠨᠢᠳᠤᠨᠤᠨ ᠤ ᠬᠢ ᠠᠴᠠ 4.6 ᠲᠦᠮᠡᠨ ᠮᠦ ᠨᠡᠮᠡᠭᠳᠡᠵᠡᠢ᠂ ᠡᠭᠦᠨ ᠳᠤ ᠭᠤᠣᠯ ᠪᠣᠯᠬᠤ ᠲᠥᠷᠥᠯ ᠵᠦᠢᠯ ᠨᠢ ᠶᠦᠩ ᠯᠢᠶᠠᠩ 4 ᠳ᠋ᠦᠭᠡᠷ ᠪᠣᠯᠣᠨ᠎ᠠ᠂ 8 ᠰᠠᠷ᠎ᠠ ᠶᠢᠨ 15 ᠤ ᠡᠳᠦᠷ ᠠᠴᠠ ᠡᠬᠢᠯᠡᠨ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠨᠢᠭᠡᠨᠲᠡ ᠬᠠᠳᠤᠵᠤ ᠬᠤᠷᠢᠶᠠᠬᠤ ᠠᠵᠢᠯ ᠢᠶᠠᠨ ᠡᠬᠢᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠭᠤᠳᠠᠢ ᠪᠠᠨ ᠬᠠᠳᠤᠵᠤ ᠳᠠᠭᠤᠰᠬᠠᠬᠤ ᠪᠣᠯᠣᠨ᠎ᠠ᠃
         ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠠᠮᠤ ᠪᠤᠳᠠᠭᠠᠨ ᠤ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠮᠤ ᠪᠤᠳᠠᠭᠠᠨ ᠤ ᠠᠮᠤᠷ ᠲᠦᠪᠰᠢᠨ ᠤ︽ᠰᠠᠭᠤᠷᠢ ᠴᠢᠯᠠᠭᠤ︾ ᠶᠢ ᠪᠠᠲᠤ ᠴᠣᠭᠴᠠᠯᠠᠵᠤ᠂ ᠥᠷᠭᠡᠨ ᠠᠭᠤᠳᠠᠮ ᠬᠥᠳᠡᠭᠡ ᠲᠣᠰᠬᠤᠨ ᠢ ᠴᠣ᠋ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号