2023 ᠣᠨ ᠤ 8 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ | ᠠᠬᠤᠢ ᠶᠢᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠬᠤᠭᠤᠴᠠᠭᠠᠨ ᠳᠤ︽ᠭᠤᠷᠪᠠ ᠶᠢ ᠬᠥᠳᠡᠭᠡ ᠪᠠᠭᠤᠯᠭᠠᠬᠤ︾ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠯᠬᠦᠮ ᠤᠨ 12 ᠬᠥᠮᠥᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠯᠦ ᠵᠢᠶᠠ ᠲᠣᠰᠬᠤᠨ ᠳᠤ ᠦᠢᠯᠡᠳᠦᠯᠭᠡ ᠶᠢᠨ ᠠᠵᠢᠯᠯᠠᠭ᠎ᠠ | ᠥᠷᠨᠢᠭᠦᠯᠵᠡᠢ᠃ | | ᠲᠣᠰᠬᠤᠨ ᠤ ᠠᠷᠠᠳ ᠤᠨ ᠵᠥᠪᠯᠡᠯ ᠤᠨ ᠬᠤᠷᠠᠯ ᠤᠨ ᠭᠡᠷ ᠲᠤ᠂ ᠪᠦᠯᠬᠦᠮ ᠤᠨ ᠪᠦᠷᠢᠯᠳᠦᠭᠦᠨ ᠨᠠᠷ ᠯᠦ | ᠵᠢᠶᠠ ᠲᠣᠰᠬᠤᠨ ᠤ ᠨᠠᠮ ᠤᠨ ᠡᠭᠦᠷ ᠤᠨ ᠱᠦᠵᠢ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠯᠦ | ᠵᠢᠶᠠ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠵᠠᠰᠠᠬᠤ ᠵᠡᠷᠭᠡ | ᠲᠠᠯ᠎ᠠ ᠪᠠᠷ ᠬᠢ ᠪᠣᠳᠠᠲᠠᠢ ᠠᠷᠭ᠎ᠠ ᠬᠢᠳᠡᠯ ᠵᠢᠴᠢ ᠣᠯᠣᠭᠰᠠᠨ ᠦᠷ᠎ᠡ ᠪᠦᠲᠦᠭᠡᠯ ᠤᠨ ᠪᠠᠶᠢᠳᠠᠯ ᠤᠨ ᠲᠤᠬᠠᠢ | ᠲᠠᠨᠢᠯᠴᠠᠭᠤᠯᠭ᠎ᠠ ᠶᠢ ᠰᠣᠨᠣᠰᠬᠤ ᠶᠢ ᠠᠬᠢᠭᠤᠯᠤᠭᠰᠠᠨ ᠪᠥᠭᠡᠳ ᠲᠣᠰᠬᠤᠨ ᠳᠤ ᠰᠠᠭᠤᠭ᠎ᠠ ᠺᠠᠳ᠋ᠷ᠂ | ᠲᠣᠰᠬᠤᠨ ᠤ︽ᠬᠤᠶᠠᠷ ᠵᠥᠪᠯᠡᠯ︾ ᠤᠨ ᠪᠦᠷᠢᠯᠳᠦᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠤᠷᠤᠯᠴᠠᠨ ᠰᠤᠳᠤᠯᠤᠨ | ᠶᠠᠷᠢᠯᠴᠠᠪᠠ᠃ ᠬᠠᠷᠢᠯᠴᠠᠨ ᠰᠣᠯᠢᠯᠴᠠᠬᠤ ᠳᠤᠮᠳᠠ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠺᠠᠳ᠋ᠷ ᠤᠯᠠᠨ | ᠲᠦᠮᠡᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠵᠣᠷᠢᠭ ᠰᠠᠨᠠᠭ᠎ᠠ ᠶᠢ | ᠡᠪᠯᠡᠯ ᠤᠨ ᠪᠦᠷᠢᠯᠳᠦᠭᠦᠨ ᠤ ᠭᠦᠨ ᠪᠢᠰᠢᠷᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠣᠷᠣᠨ ᠥᠷᠭᠡᠨ | ᠠᠭᠤᠳᠠᠮ᠂ ᠵᠠᠯᠠᠭᠤᠴᠤᠳ ᠶᠡᠭᠡ ᠦᠢᠯᠡᠰ ᠪᠦᠲᠦᠭᠡᠬᠦ ᠡᠷᠡᠮᠡᠯᠵᠡᠯ ᠲᠠᠢ᠂ ᠢᠷᠡᠭᠡᠳᠦᠢ ᠳᠤ ᠳᠤᠷᠠᠲᠠᠶ᠎ᠠ ᠬᠥᠳᠡᠭᠡ | ᠲᠣᠰᠬᠤᠨ ᠳᠤ ᠦᠨᠳᠦᠰᠦᠯᠡᠵᠦ᠂ ᠾᠧ ᠮᠧᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠵᠡᠢ᠃ | | ᠪᠦᠯᠬᠦᠮ ᠤᠨ ᠪᠦᠷᠢᠯᠳᠦᠭᠦᠨ ᠨᠠᠷ ᠪᠠᠰᠠ ᠲᠣᠰ ᠲᠣᠰᠬᠤᠨ ᠤ ᠬᠠᠮᠲᠤ ᠶᠢᠨ ᠠᠵᠤ ᠠᠬᠤᠢ — — | ᠠᠰᠡᠷ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠣᠭᠤᠷᠢᠨ ᠦᠵᠡᠬᠦ ᠶᠢ ᠠᠬᠢᠭᠤᠯᠵᠤ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠪᠣᠯ ᠠᠵᠤ ᠦᠢᠯᠡᠰ ᠤᠨ ᠬᠥᠭᠵᠢᠯᠲᠡ ᠶᠢᠨ ᠪᠦᠲᠦᠮᠵᠢᠲᠡᠶ | ᠠᠷᠭ᠎ᠠ ᠵᠠᠮ ᠮᠥᠨ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠶᠢᠨ ᠪᠣᠳᠠᠰ ᠤᠨ ᠰᠠᠭᠤᠷᠢ ᠮᠥᠨ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠳᠤ | ᠠᠰᠢᠭᠲᠠᠢ᠂ ᠬᠥᠳᠡᠭᠡ ᠲᠣᠰᠬᠤᠨ ᠤ ᠵᠠᠰᠠᠯᠲᠠ ᠶᠢ ᠲᠡᠭᠦᠯᠳᠡᠷᠵᠢᠭᠦᠯᠬᠦ ᠵᠢᠴᠢ ᠲᠠᠷᠢᠶᠠᠴᠢᠳ ᠤᠨ ᠠᠮᠢᠳᠤᠷᠠᠯ ᠤᠨ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠭᠡᠳᠡᠭ ᠢ ᠣᠶᠢᠯᠠᠭᠠᠭᠰᠠᠨ ᠪᠠᠶᠢᠨ᠎ᠠ᠃ | | ᠲᠣᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠨᠢ ᠵᠠᠯᠠᠭᠤ ᠣᠶᠤᠲᠠᠳ ᠤᠨ | ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠣᠶᠤᠲᠠᠳ ᠤᠨ ᠭᠠᠷ ᠬᠥᠳᠡᠯᠬᠦ | ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠬᠥᠮᠥᠵᠢᠭᠦᠯᠵᠦ᠂ ᠲᠣᠰ ᠪᠡᠶ᠎ᠡ ᠶᠢᠨ ᠶᠡᠷᠦᠩᠬᠡᠢ | ᠬᠡᠪ ᠴᠢᠨᠠᠷ ᠪᠠ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠮᠠᠰᠢ ᠶᠡᠭᠡ ᠬᠠᠪᠰᠤᠷᠤᠯᠭ᠎ᠠ | ᠦᠵᠡᠭᠦᠯᠦᠭᠰᠡᠨ ᠪᠥᠭᠡᠳ ᠲᠡᠳᠡᠨ ᠤ ᠢᠷᠡᠭᠡᠳᠦᠢ ᠳᠤ ᠨᠠᠩ ᠰᠠᠶᠢᠨ ᠢᠶᠠᠷ ᠦᠨᠳᠦᠰᠦᠨ ᠱᠠᠲᠤᠨ ᠳᠤ ᠬᠦᠷᠴᠦ᠂ | ᠦᠨᠳᠦᠰᠦᠨ ᠱᠠᠲᠤᠨ ᠳᠤ ᠦᠢᠯᠡᠴᠢᠯᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |