【ᠣᠳᠣᠬᠠᠨ ᠳᠤ ᠬᠤᠨᠢᠨ ᠤ ᠭᠠᠷᠭᠠᠯᠲᠠ ᠶᠢᠨ ᠦᠨ᠎ᠡ ᠨᠢᠭᠡᠨᠲᠡ 2019 ᠣᠨ ᠤ ᠠᠳᠠᠯᠢ ᠬᠤᠭᠤᠴᠠᠭᠠᠨ ᠤ | ᠬᠢᠷᠢ ᠲᠦᠪᠰᠢᠨ ᠳᠤ ᠬᠦᠷᠲᠡᠯ᠎ᠡ ᠪᠠᠭᠤᠷᠠᠵᠤ᠂ ᠢᠮᠠᠭᠠᠨ ᠤ ᠭᠠᠷᠭᠠᠯᠲᠠ ᠶᠢᠨ ᠦᠨ᠎ᠡ 2020 ᠣᠨ ᠤ ᠠᠳᠠᠯᠢ | ᠬᠤᠭᠤᠴᠠᠭᠠᠨ ᠤ ᠬᠢᠷᠢ ᠲᠦᠪᠰᠢᠨ ᠠᠴᠠ ᠳᠣᠣᠷ᠎ᠠ ᠪᠣᠯᠵᠠᠢ᠃】 ᠭᠡᠵᠦ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ ᠤ ᠠᠯᠠᠰᠢᠨ ᠬᠤᠨᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠦᠷᠦᠭᠦᠦ ᠲᠤᠰᠬᠠᠢ | ᠮᠡᠷᠭᠡᠵᠢᠯᠲᠡᠨ ᠰᠢᠶᠣᠣ ᠬᠠᠢ ᠹᠧᠩ ᠬᠡᠯᠡᠪᠡ᠃ | | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠤᠯᠤᠰ ᠤᠨ ᠠᠮᠢᠳᠤ ᠬᠤᠨᠢᠨ ᠤ ᠦᠨ᠎ᠡ ᠤᠷᠢᠳᠠᠪᠠᠷ | ᠥᠰᠴᠦ ᠰᠡᠭᠦᠯᠡᠷ ᠨᠢ ᠪᠠᠭᠤᠷᠠᠪᠠ᠃ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠠᠰᠢᠨ ᠬᠤᠨᠢᠨ ᠤ ᠬᠢᠨᠠᠨ | ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 1 ᠰᠠᠷ᠎ᠠ ᠠᠴᠠ 6 ᠰᠠᠷ᠎ᠠ ᠪᠣᠯᠲᠠᠯ᠎ᠠ᠂ | ᠬᠤᠨᠢᠨ ᠤ ᠭᠠᠷᠭᠠᠯᠲᠠ ᠶᠢᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 29.29 ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 5.96% ᠪᠠᠷ ᠪᠠᠭᠤᠷᠠᠪᠠ︔ᠢᠮᠠᠭᠠᠨ ᠤ ᠭᠠᠷᠭᠠᠯᠲᠠ ᠶᠢᠨ ᠳᠤᠮᠳᠠᠴᠢ ᠦᠨ᠎ᠡ | ᠨᠢ ᠺᠢᠯᠣᠭ᠍ᠷᠠᠮ ᠪᠦᠷᠢ ᠳᠡᠭᠡᠨ 41.69 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.18% ᠪᠠᠷ | ᠪᠠᠭᠤᠷᠠᠪᠠ᠃ | ᠠᠮᠢᠳᠤ ᠬᠤᠨᠢᠨ ᠤ ᠦᠨ᠎ᠡ ᠪᠠᠭᠤᠷᠠᠭᠰᠠᠨ ᠠᠴᠠ ᠬᠤᠨᠢᠨ ᠤ ᠮᠢᠬᠠᠨ ᠤ ᠦᠨ᠎ᠡ ᠪᠠᠭᠤᠷᠠᠪᠠ᠃ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠪᠥᠬᠦ ᠤᠯᠤᠰ ᠤᠨ 500 ᠰᠢᠶᠠᠨ ᠤ ᠴᠤᠭᠯᠠᠭ᠎ᠠ ᠮᠠᠶᠢᠮᠠᠢ ᠶᠢᠨ ᠵᠠᠬ᠎ᠠ | ᠳᠡᠯᠭᠡᠭᠦᠷ ᠤᠨ ᠮᠠᠯ ᠵᠢᠭᠦᠷᠲᠡᠨ ᠤ ᠠᠰᠢᠭ ᠰᠢᠮ᠎ᠡ ᠪᠠ ᠪᠣᠷᠳᠣᠭᠠᠨ ᠤ ᠦᠨ᠎ᠡ ᠬᠠᠩᠰᠢ ᠶᠢᠨ ᠲᠣᠭᠲᠠᠭᠰᠠᠨ ᠬᠢᠨᠠᠨ | ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 1 ᠰᠠᠷ᠎ᠠ ᠠᠴᠠ ᠨᠠᠰᠢ᠂ ᠪᠥᠬᠦ | ᠤᠯᠤᠰ ᠤᠨ ᠬᠤᠨᠢᠨ ᠮᠢᠬᠠᠨ ᠤ ᠦᠨ᠎ᠡ ᠦᠷᠭᠦᠯᠵᠢᠯᠡᠨ ᠪᠠᠭᠤᠷᠠᠪᠠ᠃ 1 ᠰᠠᠷ᠎ᠠ ᠠᠴᠠ 6 ᠰᠠᠷ᠎ᠠ ᠪᠣᠯᠲᠠᠯ᠎ᠠ᠂ ᠪᠥᠬᠦ | ᠤᠯᠤᠰ ᠤᠨ ᠬᠤᠨᠢᠨ ᠮᠢᠬᠠᠨ ᠤ ᠳᠤᠮᠳᠠᠴᠢ ᠦᠨ᠎ᠡ ᠺᠢᠯᠣᠭ᠍ᠷᠠᠮ ᠪᠦᠷᠢ ᠳᠡᠭᠡᠨ 81.41 ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 2.34% ᠪᠠᠭᠤᠷᠠᠵᠠᠢ᠃ | ᠬᠤᠨᠢᠨ ᠮᠢᠬᠠᠨ ᠤ ᠦᠨ᠎ᠡ ᠣᠷᠳᠣ ᠬᠤᠭᠤᠴᠠᠭ᠎ᠠ ᠪᠠᠷ ᠨᠡᠯᠢᠶᠡᠳ ᠥᠨᠳᠥᠷ ᠪᠠᠶᠢᠲᠠᠯ᠎ᠠ ᠶᠠᠭᠠᠬᠢᠭᠠᠳ ᠡᠨᠡ ᠵᠢᠯ | ᠦᠷᠭᠦᠯᠵᠢᠯᠡᠨ ᠪᠠᠭᠤᠷᠠᠵᠤ ᠪᠠᠶᠢᠬᠤ ᠪᠣᠶ︖ ᠰᠢᠶᠣᠣ ᠬᠠᠢ ᠹᠧᠩ ᠢᠯᠡᠷᠬᠡᠶᠢᠯᠡᠬᠦ ᠳᠡᠭᠡᠨ᠂ ᠬᠠᠩᠭᠠᠯᠭ᠎ᠠ ᠶᠢᠨ ᠨᠡᠮᠡᠭᠳᠡᠯ | ᠵᠢᠴᠢ ᠬᠡᠷᠡᠭᠯᠡᠭᠡᠨ ᠤ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠬᠤ ᠨᠢ ᠭᠤᠣᠯ ᠰᠢᠯᠲᠠᠭᠠᠨ | ᠪᠣᠯᠣᠨ᠎ᠠ᠃ | ᠬᠠᠩᠭᠠᠯᠭ᠎ᠠ ᠶᠢᠨ ᠨᠡᠮᠡᠭᠳᠡᠯ ᠨᠢ ᠤᠯᠤᠰ ᠤᠨ ᠳᠣᠲᠣᠭᠠᠳᠤ ᠶᠢᠨ ᠬᠤᠨᠢᠨ ᠮᠢᠬᠠᠨ ᠤ ᠭᠠᠷᠤᠯᠲᠠ ᠨᠡᠮᠡᠭᠳᠡᠭᠰᠡᠨ | ᠪᠠ ᠭᠠᠳᠠᠭᠠᠳᠤ ᠠᠴᠠ ᠣᠷᠣᠭᠤᠯᠬᠤ ᠬᠡᠮᠵᠢᠶ᠎ᠡ ᠨᠡᠮᠡᠭᠳᠡᠭᠰᠡᠨ ᠢᠶᠠᠷ ᠢᠯᠡᠷᠡᠵᠦ ᠪᠠᠶᠢᠨ᠎ᠠ᠃ 2017 ᠣᠨ ᠤ ᠳᠣᠣᠷ᠎ᠠ | ᠬᠠᠭᠠᠰ ᠵᠢᠯ ᠠᠴᠠ ᠨᠠᠰᠢ᠂ ᠠᠯᠠᠰᠢᠨ ᠬᠤᠨᠢᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠨᠡᠯᠢᠶᠡᠳ ᠰᠠᠶᠢᠨ ᠪᠠᠶᠢᠵᠤ᠂ | ᠲᠡᠵᠢᠭᠡᠨ ᠦᠷᠡᠵᠢᠭᠦᠯᠬᠦ ᠡᠷᠦᠬᠡ ᠶᠢᠨ ᠢᠳᠡᠪᠬᠢᠵᠢᠯ ᠳᠡᠭᠡᠭᠰᠢᠯᠡᠭᠰᠡᠨ ᠤ ᠳᠡᠭᠡᠷ᠎ᠡ ᠣᠯᠠᠨ ᠬᠦᠪᠦᠷᠡᠯᠳᠦ ᠬᠤᠨᠢ ᠶᠢ | ᠳᠡᠯᠭᠡᠷᠡᠭᠦᠯᠦᠭᠰᠡᠨ ᠠᠴᠠ ᠮᠠᠨ ᠤ ᠤᠯᠤᠰ ᠤᠨ ᠠᠯᠠᠰᠢᠨ ᠬᠤᠨᠢᠨ ᠤ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ᠂ | ᠬᠤᠨᠢᠨ ᠮᠢᠬᠠᠨ ᠤ ᠭᠠᠷᠤᠯᠲᠠ ᠦᠷᠭᠦᠯᠵᠢᠯᠡᠨ ᠨᠡᠮᠡᠭᠳᠡᠵᠡᠢ᠃ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠠᠰᠢᠨ | ᠬᠤᠨᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 6 ᠰᠠᠷ᠎ᠠ ᠳᠤ᠂ | ᠪᠥᠬᠦ ᠤᠯᠤᠰ ᠤᠨ ᠠᠯᠠᠰᠢᠨ ᠬᠤᠨᠢᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 0.69% ᠪᠠᠷ ᠨᠡᠮᠡᠭᠳᠡᠵᠦ᠂ | 2017 ᠣᠨ ᠠᠴᠠ ᠨᠠᠰᠢᠬᠢ ᠬᠠᠮᠤᠭ ᠤᠨ ᠥᠨᠳᠥᠷ ᠲᠦᠪᠰᠢᠨ ᠳᠤ ᠬᠦᠷᠴᠡᠢ᠃ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ | ᠤᠯᠤᠰ ᠤᠨ ᠬᠤᠨᠢᠨ ᠮᠢᠬᠠᠨ ᠤ ᠭᠠᠷᠤᠯᠲᠠ 222.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.1% ᠨᠡᠮᠡᠭᠳᠡᠵᠦ᠂ ᠣᠶᠢᠷ᠎ᠠ ᠶᠢᠨ ᠵᠢᠯ ᠤᠨ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠵᠠᠢ᠃ | ᠳᠤᠮᠳᠠᠳᠤ ᠤᠯᠤᠰ ᠤᠨ ᠪᠣᠭᠤᠮᠲᠠ ᠶᠢᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶᠠᠨ ᠤ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 1 ᠰᠠᠷ᠎ᠠ ᠠᠴᠠ 5 ᠰᠠᠷ᠎ᠠ ᠪᠣᠯᠲᠠᠯ᠎ᠠ᠂ ᠮᠠᠨ ᠤ ᠤᠯᠤᠰ ᠨᠡᠶᠢᠲᠡ | 18.62 ᠲᠦᠮᠡᠨ ᠲᠣᠨ ᠬᠤᠨᠢᠨ ᠮᠢᠬ᠎ᠠ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 12.97% ᠪᠠᠷ | ᠨᠡᠮᠡᠭᠳᠡᠵᠡᠢ᠃ᠭᠠᠳᠠᠭᠠᠳᠤ ᠠᠴᠠ ᠣᠷᠣᠭᠤᠯᠤᠭᠰᠠᠨ ᠬᠤᠨᠢᠨ ᠮᠢᠬ᠎ᠠ ᠶᠢᠨ ᠭᠠᠷᠠᠮ ᠳᠤ ᠬᠦᠷᠬᠦ ᠳᠤᠮᠳᠠᠴᠢ ᠦᠨ᠎ᠡ ᠨᠢ | ᠺᠢᠯᠣᠭ᠍ᠷᠠᠮ ᠪᠦᠷᠢ ᠳᠡᠭᠡᠨ 29.38 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26.09% ᠪᠠᠷ | ᠪᠠᠭᠤᠷᠠᠪᠠ᠃ᠭᠠᠳᠠᠭᠠᠳᠤ ᠠᠴᠠ ᠣᠷᠣᠭᠤᠯᠤᠭᠰᠠᠨ ᠬᠤᠨᠢᠨ ᠮᠢᠬ᠎ᠠ ᠶᠢᠨ ᠬᠡᠮᠵᠢᠶ᠎ᠡ ᠶᠢᠨ ᠨᠡᠮᠡᠭᠳᠡᠨ ᠦᠨ᠎ᠡ ᠪᠠᠭᠤᠷᠠᠵᠤ᠂ | ᠤᠯᠤᠰ ᠤᠨ ᠳᠣᠲᠣᠭᠠᠳᠤ ᠶᠢᠨ ᠬᠤᠨᠢᠨ ᠮᠢᠬ᠎ᠠ ᠶᠢᠨ ᠦᠨ᠎ᠡ ᠶᠢ ᠤᠯᠠᠮ ᠨᠢᠭᠡ ᠠᠯᠬᠤᠮ ᠪᠠᠭᠤᠷᠠᠭᠤᠯᠪᠠ᠃ | ᠬᠡᠷᠡᠭᠯᠡᠭᠡᠨ ᠤ ᠲᠠᠯ᠎ᠠ ᠠᠴᠠ ᠦᠵᠡᠪᠡᠯ᠂ ᠮᠢᠬᠠᠨ ᠤ ᠵᠦᠢᠯ ᠤᠨ ᠬᠡᠷᠡᠭᠯᠡᠭᠡᠨ ᠤ ᠬᠡᠷᠡᠭᠴᠡᠭᠡ ᠶᠢᠨ ᠰᠡᠷᠭᠦᠯᠲᠡ | ᠤᠳᠠᠭᠠᠨ ᠪᠥᠭᠡᠳ ᠲᠦᠷᠦᠭᠦᠸ ᠬᠠᠭᠠᠰ ᠵᠢᠯ ᠳᠤ ᠶᠠᠭ ᠬᠤᠨᠢᠨ ᠮᠢᠬᠠᠨ ᠤ ᠬᠡᠷᠡᠭᠯᠡᠭᠡᠨ ᠤ ᠤᠯᠠᠮᠵᠢᠯᠠᠯᠲᠤ ᠬᠥᠭᠵᠢᠯ | ᠦᠭᠡᠢ ᠤᠯᠠᠷᠢᠯ ᠳᠤ ᠣᠷᠣᠰᠢᠵᠤ ᠪᠠᠶᠢᠪᠠ᠃ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠨᠢᠨ ᠮᠢᠬ᠎ᠠ ᠶᠢᠨ | ᠠᠷᠠᠯᠵᠢᠶᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 6 ᠳ᠋ᠤᠭᠠᠷ ᠰᠠᠷ᠎ᠠ ᠳᠤ ᠰᠢᠶᠠᠨ ᠤ | ᠬᠤᠨᠢᠨ ᠮᠢᠬ᠎ᠠ ᠶᠢᠨ ᠳᠤᠮᠳᠠᠴᠢ ᠠᠷᠠᠯᠵᠢᠶᠠᠨ ᠤ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ 2.42% | ᠪᠠᠭᠤᠷᠠᠵᠤ᠂ ᠲᠦᠷᠦᠭᠦᠸ ᠬᠠᠭᠠᠰ ᠵᠢᠯ ᠳᠤ ᠰᠢᠶᠠᠨ ᠤ ᠬᠤᠨᠢᠨ ᠮᠢᠬ᠎ᠠ ᠶᠢᠨ ᠳᠤᠮᠳᠠᠴᠢ ᠠᠷᠠᠯᠵᠢᠶᠠᠨ ᠤ ᠵᠢᠭᠠᠯᠲᠠ | ᠲᠤᠭ᠎ᠠ ᠠᠳᠠᠯᠢ ᠬᠤᠭᠤᠴᠠᠭᠠᠨ ᠤ ᠬᠢ ᠠᠴᠠ 1.33% ᠪᠠᠭᠤᠷᠠᠵᠠᠢ᠃ | ᠭᠠᠭ᠋ᠠᠢ ᠶᠢᠨ ᠮᠢᠬ᠎ᠠ ᠶᠢᠨ ᠦᠨ᠎ᠡ ᠦᠷᠭᠦᠯᠵᠢᠯᠡᠨ ᠪᠠᠭᠤᠷᠠᠭᠰᠠᠨ ᠠᠴᠠ ᠬᠤᠨᠢᠨ ᠮᠢᠬ᠎ᠠ ᠶᠢᠨ ᠦᠨ᠎ᠡ ᠴᠦ | ᠪᠠᠭᠤᠷᠠᠪᠠ᠃ ︽ᠮᠠᠨ ᠤ ᠵᠢᠱᠢᠵᠦ ᠪᠤᠳᠤᠭᠰᠠᠨ ᠢᠶᠠᠷ᠂ ᠬᠤᠨᠢᠨ ᠮᠢᠬᠠᠨ ᠤ ᠬᠡᠷᠡᠭᠴᠡᠭᠡ ᠶᠢᠨ ᠭᠠᠭ᠋ᠠᠢ ᠶᠢᠨ ᠮᠢᠬᠠᠨ ᠤ | ᠦᠨ᠎ᠡ ᠳᠤ ᠦᠵᠡᠭᠦᠯᠬᠦ ᠰᠣᠯᠪᠢᠴᠠᠯ ᠦᠨ᠎ᠡ ᠶᠢᠨ ᠬᠠᠷᠢᠮᠠᠬᠠᠢ ᠴᠢᠨᠠᠷ ᠨᠢ 0.25 ᠪᠣᠯᠣᠨ᠎ᠠ᠂ ᠲᠤᠬᠠᠶᠢᠯᠠᠪᠠᠯ ᠪᠤᠰᠤᠳ | ᠨᠥᠬᠦᠴᠡᠯ ᠬᠤᠪᠢᠷᠠᠬᠤ ᠦᠭᠡᠢ ᠪᠠᠶᠢᠳᠠᠯ ᠳᠣᠣᠷ᠎ᠠ ᠭᠠᠭ᠋ᠠᠢ ᠶᠢᠨ ᠮᠢᠬᠠᠨ ᠤ ᠦᠨ᠎ᠡ 1% ᠪᠠᠭᠤᠷᠠᠵᠤ᠂ ᠬᠤᠨᠢᠨ | ᠮᠢᠬᠠᠨ ᠤ ᠬᠡᠷᠡᠭᠴᠡᠭᠡ 0.25% ᠪᠠᠭᠤᠷᠠᠬᠤ ᠪᠣᠯᠣᠨ᠎ᠠ︾᠃ ᠭᠡᠵᠦ ᠰᠢᠶᠣᠣ ᠬᠠᠢ ᠹᠥ᠋ᠩ ᠬᠡᠯᠡᠪᠡ᠃ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠪᠥᠬᠦ ᠤᠯᠤᠰ ᠤᠨ 500 ᠰᠢᠶᠠᠨ ᠤ ᠴᠤᠭᠯᠠᠭ᠎ᠠ ᠮᠠᠶᠢᠮᠠᠢ ᠶᠢᠨ ᠵᠠᠬ᠎ᠠ | ᠳᠡᠯᠭᠡᠭᠦᠷ ᠤᠨ ᠮᠠᠯ ᠵᠢᠭᠦᠷᠲᠡᠨ ᠤ ᠠᠰᠢᠭ ᠰᠢᠮ᠎ᠡ ᠪᠠ ᠲᠡᠵᠢᠭᠡᠯ ᠪᠣᠷᠳᠣᠭᠠᠨ ᠤ ᠦᠨ᠎ᠡ ᠬᠠᠩᠰᠢ ᠶᠢᠨ ᠲᠣᠭᠲᠠᠭᠰᠠᠨ | ᠴᠡᠭ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠤᠯᠤᠰ ᠤᠨ ᠭᠠᠭ᠋ᠠᠢ ᠶᠢᠨ | ᠮᠢᠬᠠᠨ ᠤ ᠦᠨ᠎ᠡ 2022 ᠣᠨ ᠤ 11 ᠰᠠᠷ᠎ᠠ ᠠᠴᠠ ᠡᠬᠢᠯᠡᠨ ᠦᠷᠭᠦᠯᠵᠢᠯᠡᠨ ᠪᠠᠭᠤᠷᠠᠵᠤ᠂ 2023 ᠣᠨ ᠤ 6 | ᠰᠠᠷ᠎ᠠ ᠪᠣᠯᠲᠠᠯ᠎ᠠ ᠨᠡᠶᠢᠲᠡ 41.53% ᠪᠠᠷ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 10.55% ᠪᠠᠷ | ᠪᠠᠭᠤᠷᠠᠭᠰᠠᠨ ᠪᠠᠶᠢᠨ᠎ᠠ᠃ ᠭᠠᠭ᠋ᠠᠢ ᠶᠢᠨ ᠮᠢᠬ᠎ᠠ ᠶᠢᠨ ᠦᠨ᠎ᠡ ᠶᠢᠨ ᠲᠦᠪᠰᠢᠨ ᠨᠡᠯᠢᠶᠡᠳ ᠳᠣᠣᠷ᠎ᠠ ᠪᠠᠶᠢᠵᠤ᠂ | ᠬᠡᠷᠡᠭᠯᠡᠭᠴᠢᠳ ᠭᠠᠭ᠋ᠠᠢ ᠶᠢᠨ ᠮᠢᠬ᠎ᠠ ᠬᠡᠷᠡᠭᠯᠡᠬᠦ ᠶᠢ ᠨᠠᠩ ᠢᠯᠡᠭᠦᠦ ᠰᠣᠩᠭᠤᠵᠤ᠂ ᠨᠢᠭᠡ ᠪᠦᠯᠦᠭ ᠬᠤᠨᠢᠨ ᠮᠢᠬ᠎ᠠ ᠶᠢᠨ | ᠬᠡᠷᠡᠭᠯᠡᠭᠡᠨ ᠤ ᠬᠡᠷᠡᠭᠴᠡᠭᠡ ᠶᠢ ᠣᠷᠣᠯᠠᠭᠤᠯᠪᠠ᠃ | ᠬᠤᠨᠢᠨ ᠮᠢᠬ᠎ᠠ ᠶᠢᠨ ᠦᠨ᠎ᠡ ᠬᠢᠮᠳᠠᠷᠠᠪᠠᠯ ᠲᠡᠵᠢᠭᠡᠨ ᠦᠷᠡᠵᠢᠭᠦᠯᠬᠦ ᠦᠷ᠎ᠡ ᠠᠰᠢᠭ ᠨᠢ ᠶᠠᠮᠠᠷ ᠪᠣᠯᠬᠤ ᠪᠤᠢ︖ | ︽ᠣᠳᠣᠬᠠᠨ ᠳᠤ ᠬᠡᠳᠦᠶᠢᠪᠡᠷ ᠬᠤᠨᠢᠨ ᠮᠢᠬᠠᠨ ᠤ ᠦᠨ᠎ᠡ ᠦᠷᠭᠦᠯᠵᠢᠯᠡᠨ ᠪᠠᠭᠤᠷᠠᠵᠤ ᠪᠠᠶᠢᠭ᠎ᠠ ᠪᠣᠯᠪᠠᠴᠤ | ᠮᠥᠨ ᠬᠦ ᠲᠡᠦᠬᠡ ᠶᠢᠨ ᠠᠳᠠᠯᠢ ᠬᠤᠭᠤᠴᠠᠭᠠᠨ ᠤ ᠭᠤᠷᠪᠠᠳᠤᠭᠠᠷ ᠥᠨᠳᠥᠷ ᠪᠠᠶᠢᠷᠢᠨ ᠳᠤ ᠪᠠᠶᠢᠭᠰᠠᠭᠠᠷ᠂ ᠲᠡᠵᠢᠭᠡᠨ | ᠦᠷᠡᠵᠢᠭᠦᠯᠦᠭᠰᠡᠨ ᠠᠰᠢᠭ ᠣᠷᠣᠯᠭ᠎ᠠ ᠮᠥᠨ ᠬᠦ ᠵᠦᠭᠡᠷ ᠪᠠᠶᠢᠨ᠎ᠠ︾᠃ ᠭᠡᠵᠦ ᠰᠢᠶᠣᠣ ᠬᠠᠢ ᠹᠥ᠋ᠩ ᠬᠡᠯᠡᠪᠡ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠠᠰᠢᠨ ᠬᠤᠨᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠲᠡᠵᠢᠭᠡᠨ ᠦᠷᠡᠵᠢᠭᠦᠯᠬᠦ ᠡᠷᠦᠬᠡ 45 ᠺᠢᠯᠣᠭ᠍ᠷᠠᠮ ᠬᠤᠨᠢ ᠭᠠᠷᠭᠠᠬᠤ ᠪᠦᠷᠢ ᠳᠤ᠂ ᠴᠡᠪᠡᠷ | ᠣᠷᠣᠯᠭ᠎ᠠ ᠨᠢ ᠡᠨᠡ ᠵᠢᠯ ᠤᠨ 1 ᠳ᠋ᠤᠭᠡᠷ ᠰᠠᠷ᠎ᠠ ᠶᠢᠨ 158.51 ᠲᠥᠭᠦᠷᠢᠭ ᠪᠠᠶᠢᠭᠰᠠᠨ ᠠᠴᠠ ᠪᠠᠨ ᠤᠷᠢᠳᠠᠪᠠᠷ 3 | ᠳ᠋ᠤᠭᠠᠷ ᠰᠠᠷ᠎ᠠ ᠶᠢᠨ 237.93 ᠲᠥᠭᠦᠷᠢᠭ ᠪᠣᠯᠣᠨ ᠨᠡᠮᠡᠭᠳᠡᠵᠦ᠂ ᠰᠡᠭᠦᠯᠡᠷ ᠨᠢ 6 ᠳ᠋ᠤᠭᠠᠷ ᠰᠠᠷ᠎ᠠ ᠶᠢᠨ 158.24 | ᠲᠥᠭᠦᠷᠢᠭ ᠪᠣᠯᠣᠨ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 3.83% ᠪᠠᠷ ᠨᠡᠮᠡᠭᠳᠡᠵᠡᠢ︔30 ᠺᠢᠯᠣᠭ᠍ᠷᠠᠮ | ᠢᠮᠠᠭ᠎ᠠ ᠭᠠᠷᠭᠠᠬᠤ ᠪᠦᠷᠢ ᠳᠤ ᠲᠡᠵᠢᠭᠡᠨ ᠦᠷᠡᠵᠢᠭᠦᠯᠬᠦ ᠡᠷᠦᠬᠡ ᠶᠢᠨ ᠴᠡᠪᠡᠷ ᠣᠷᠣᠯᠭ᠎ᠠ ᠨᠢ ᠡᠨᠡ ᠵᠢᠯ ᠤᠨ 1 | ᠳ᠋ᠤᠭᠡᠷ ᠰᠠᠷ᠎ᠠ ᠶᠢᠨ 473.19 ᠲᠥᠭᠦᠷᠢᠭ ᠪᠠᠶᠢᠭᠰᠠᠨ ᠠᠴᠠ ᠪᠠᠨ ᠤᠷᠢᠳᠠᠪᠠᠷ 2 ᠳ᠋ᠤᠭᠠᠷ ᠰᠠᠷ᠎ᠠ ᠶᠢᠨ 502.40 | ᠲᠥᠭᠦᠷᠢᠭ ᠪᠣᠯᠣᠨ ᠨᠡᠮᠡᠭᠳᠡᠵᠦ᠂ ᠰᠡᠭᠦᠯᠡᠷ ᠨᠢ ᠦᠷᠭᠦᠯᠵᠢᠯᠡᠨ 6 ᠳ᠋ᠤᠭᠠᠷ ᠰᠠᠷ᠎ᠠ ᠶᠢᠨ 448.81 ᠲᠥᠭᠦᠷᠢᠭ | ᠪᠣᠯᠣᠨ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 2.14% ᠪᠠᠷ ᠪᠠᠭᠤᠷᠠᠵᠠᠢ᠃ ᠡᠨᠡ ᠵᠢᠯ ᠤᠨ 1 | ᠳ᠋ᠤᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠬᠤᠨᠢ ᠲᠡᠵᠢᠭᠡᠨ ᠦᠷᠡᠵᠢᠭᠦᠯᠦᠭᠰᠡᠨ ᠳᠤᠮᠳᠠᠴᠢ ᠴᠡᠪᠡᠷ ᠣᠷᠣᠯᠭ᠎ᠠ | ᠨᠢ ᠲᠣᠯᠣᠭᠠᠢ ᠪᠦᠷᠢ ᠳᠡᠭᠡᠨ 195.60 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.12% | ᠪᠠᠭᠤᠷᠠᠵᠠᠢ︔ᠢᠮᠠᠭ᠎ᠠ ᠲᠡᠵᠢᠭᠡᠨ ᠦᠷᠡᠵᠢᠭᠦᠯᠦᠭᠰᠡᠨ ᠳᠤᠮᠳᠠᠴᠢ ᠴᠡᠪᠡᠷ ᠣᠷᠣᠯᠭ᠎ᠠ 475.40 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.51% ᠯᠡ ᠪᠠᠭᠤᠷᠠᠵᠠᠢ᠃ | ᠲᠡᠭᠡᠪᠡᠯ ᠳᠣᠣᠷ᠎ᠠ ᠬᠠᠭᠠᠰ ᠵᠢᠯ ᠳᠤ ᠬᠤᠨᠢᠨ ᠮᠢᠬ᠎ᠠ ᠶᠢᠨ ᠦᠨ᠎ᠡ ᠶᠢᠨ ᠬᠠᠨᠳᠤᠰᠢ ᠶᠠᠮᠠᠷ ᠪᠣᠯᠬᠤ ᠪᠣᠯ︖ | ᠰᠢᠶᠣᠣ ᠬᠠᠢ ᠹᠧᠩ ᠢᠯᠡᠷᠬᠡᠶᠢᠯᠡᠬᠦ ᠳᠡᠭᠡᠨ᠂ ᠳᠣᠣᠷ᠎ᠠ ᠬᠠᠭᠠᠰ ᠵᠢᠯ ᠳᠤ ᠠᠯᠠᠰᠢᠨ ᠬᠤᠨᠢᠨ ᠤ ᠭᠠᠷᠭᠠᠯᠲᠠ ᠬᠥᠭᠵᠢᠯᠲᠡᠢ | ᠤᠯᠠᠷᠢᠯ ᠳᠤ ᠣᠷᠣᠬᠤ ᠶᠢ ᠳᠠᠭᠠᠯᠳᠤᠨ᠂ ᠬᠤᠨᠢᠨ ᠮᠢᠬᠠᠨ ᠤ ᠬᠠᠩᠭᠠᠯᠭ᠎ᠠ ᠦᠷᠭᠦᠯᠵᠢᠯᠡᠨ ᠨᠡᠮᠡᠭᠳᠡᠬᠦ ᠪᠣᠯᠣᠨ᠎ᠠ᠂ ᠪᠥᠬᠦ | ᠵᠢᠯ ᠤᠨ ᠠᠯᠠᠰᠢᠨ ᠬᠤᠨᠢᠨ ᠤ ᠭᠠᠷᠭᠠᠯᠲᠠ ᠨᠢᠳᠤᠨᠤᠨ ᠤ ᠬᠢ ᠠᠴᠠ ᠥᠨᠳᠥᠷ ᠪᠠᠶᠢᠵᠤ ᠮᠡᠳᠡᠨ᠎ᠡ ᠭᠡᠵᠡᠢ᠃ ᠬᠤᠨᠢᠨ | ᠮᠢᠬᠠᠨ ᠤ ᠬᠡᠷᠡᠭᠯᠡᠭᠡᠨ ᠤ ᠬᠥᠭᠵᠢᠯᠲᠡᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠳᠣᠣᠷ᠎ᠠ ᠬᠠᠭᠠᠰ ᠵᠢᠯ ᠤᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠵᠢᠴᠢ ᠦᠨᠳᠦᠰᠦᠲᠡᠨ ᠤ ᠤᠯᠠᠮᠵᠢᠯᠠᠯᠲᠤ ᠠᠵᠢᠯᠯᠠᠭ᠎ᠠ ᠶᠢᠨ ᠬᠤᠭᠤᠴᠠᠭᠠᠨ ᠳᠤ | ᠬᠤᠨᠢᠨ ᠮᠢᠬᠠᠨ ᠤ ᠭᠡᠷ ᠤᠨ ᠭᠠᠳᠠᠨᠠᠬᠢ ᠬᠡᠷᠡᠭᠯᠡᠭᠡᠨ ᠤ ᠬᠥᠳᠡᠯᠭᠡᠭᠴᠢ ᠡᠨᠧᠷᠭᠢ ᠤᠯᠠᠮ ᠨᠢᠭᠡ ᠠᠯᠬᠤᠮ ᠪᠠᠳᠠᠷᠠᠵᠤ᠂ | ᠬᠤᠨᠢᠨ ᠮᠢᠬᠠᠨ ᠤ ᠬᠡᠷᠡᠭᠯᠡᠭᠡ ᠴᠦ ᠦᠷᠭᠦᠯᠵᠢᠯᠡᠨ ᠨᠡᠮᠡᠭᠳᠡᠬᠦ ᠪᠣᠯᠣᠨ᠎ᠠ᠃ ᠬᠤᠨᠢᠨ ᠮᠢᠬᠠᠨ ᠤ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠪᠠᠯ᠂ ᠵᠢᠱᠢᠯᠲᠡ ᠪᠠᠷ ᠳᠣᠣᠷ᠎ᠠ ᠬᠠᠭᠠᠰ ᠵᠢᠯ ᠳᠤ ᠬᠤᠨᠢᠨ | ᠮᠢᠬᠠᠨ ᠤ ᠦᠨ᠎ᠡ ᠡᠳᠦᠢ ᠲᠡᠳᠦᠢ ᠳᠡᠭᠡᠭᠰᠢᠯᠡᠬᠦ ᠪᠣᠯᠣᠨ᠎ᠠ᠂ ᠭᠡᠪᠡᠴᠦ ᠨᠢᠳᠤᠨᠤᠨ ᠤ ᠠᠳᠠᠯᠢ ᠬᠤᠭᠤᠴᠠᠭᠠᠨ ᠤ ᠬᠢᠷᠢ | ᠲᠦᠪᠰᠢᠨ ᠠᠴᠠ ᠳᠠᠪᠠᠭ᠋ᠤ ᠪᠣᠯᠣᠮᠵᠢ ᠶᠡᠭᠡ ᠪᠢᠰᠢ᠃ ︵ᠬᠤᠸᠠᠩ ᠵᠢᠶᠦ᠋ᠨ ᠢ︶ | 【ᠬᠠᠷᠢᠭᠤᠴᠠᠯᠭᠠᠲᠤ ᠨᠠᠶᠢᠷᠠᠭᠤᠯᠤᠭᠴᠢ᠄ ᠸᠠᠩ ᠰᠢᠶᠦ᠋ᠨ】 | | | | |