ᠣᠶᠢᠷ᠎ᠠ ᠳᠤ ︽ᠠᠮᠧᠷᠢᠺᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠰᠡᠳᠬᠦᠯ ᠤᠨ ᠰᠦᠯᠵᠢᠶᠡᠨ ᠤ | ᠢᠯᠡ ᠬᠡᠪᠯᠡᠯ︾ ᠳᠡᠭᠡᠷ᠎ᠡ ᠨᠡᠶᠢᠲᠡᠯᠡᠭᠰᠡᠨ ᠥᠭᠦᠯᠡᠯ ᠢ ᠦᠨᠳᠦᠰᠦᠯᠡᠪᠡᠯ᠂ ᠠᠦ᠋ᠰᠲᠷᠠᠯᠢᠶ᠎ᠠ ᠶᠢᠨ ᠰᠢᠳᠨᠢ ᠶᠡᠭᠡ | ᠰᠤᠷᠭᠠᠭᠤᠯᠢ ᠶᠢᠨ ᠰᠤᠳᠤᠯᠭᠠᠲᠠᠳ ᠬᠠᠷᠠᠰᠣ ᠢᠳᠡᠭᠡᠨ ᠤ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ | ᠠᠶᠤᠯ ᠶᠡᠬᠡᠲᠡᠢ ᠬᠥᠮᠥᠰ ᠲᠤ ᠦᠵᠡᠭᠦᠯᠬᠦ ᠨᠥᠯᠥᠭᠡ ᠶᠢᠨ ᠲᠤᠬᠠᠢ ᠠᠩᠬᠠᠨ ᠤ ᠲᠤᠭ᠎ᠠ ᠪᠠᠷᠢᠮᠲᠠ ᠶᠢᠨ | ᠵᠠᠳᠠᠯᠤᠯᠲᠠ ᠠᠴᠠ ᠦᠵᠡᠪᠡᠯ᠂ ᠬᠠᠷᠠᠰᠣ ᠢᠳᠡᠭᠡᠨ ᠨᠢ ᠳᠣᠣᠷ᠎ᠠ ᠨᠢᠭᠲᠠᠴᠠᠲᠤ ᠥᠭᠡᠬᠦᠨ ᠤᠭᠤᠷᠠᠭ ᠤᠨ ᠰᠥᠰᠥᠨ ᠤ | ᠭᠤᠨᠠᠨ ᠠᠯᠺᠣᠣᠯ᠂ HbA1c ︵ᠦᠵᠦᠮ ᠤᠨ ᠰᠢᠬᠢᠷ ᠤᠨ ᠲᠦᠪᠰᠢᠨ︶ ᠪᠣᠯᠣᠨ ᠪᠡᠶ᠎ᠡ ᠶᠢᠨ ᠬᠦᠨᠳᠦ ᠶᠢᠨ | ᠢᠯᠡᠳᠲᠡ ᠰᠠᠶᠢᠵᠢᠷᠠᠯᠲᠠ ᠲᠠᠢ ᠬᠤᠯᠪᠣᠭ᠎ᠠ ᠲᠠᠢ᠃ | ᠰᠤᠳᠤᠯᠭᠠᠨ ᠤ ᠠᠵᠢᠯᠲᠠᠨ 29 ᠵᠦᠢᠯ ᠤᠨ ᠰᠤᠳᠤᠯᠭᠠᠨ ᠤ ᠲᠤᠭ᠎ᠠ ᠪᠠᠷᠢᠮᠲᠠ ᠶᠢ ᠵᠠᠳᠠᠯᠤᠨ ᠰᠢᠨᠵᠢᠯᠡᠪᠡ | ᠂ ᠡᠲᠡᠭᠡᠷ ᠰᠤᠳᠤᠯᠭᠠᠨ ᠨᠢ 20 ᠵᠦᠢᠯ ᠤᠨ ᠲᠠᠰᠢᠷᠠᠮ ᠤᠨ ᠡᠮᠴᠢᠯᠡᠭᠡᠨ ᠤ ᠲᠤᠷᠰᠢᠯᠲᠠ ᠳᠤ ᠬᠤᠯᠪᠣᠭᠳᠠᠵᠤ᠂ 22 | ᠵᠢᠯ ᠤᠨ ᠬᠤᠭᠤᠴᠠᠭ᠎ᠠ ᠬᠡᠷᠡᠭᠰᠡᠵᠦ᠂ ᠨᠡᠶᠢᠲᠡ 1878 ᠨᠡᠷᠡᠰ ᠣᠷᠣᠯᠴᠠᠭᠴᠢ ᠲᠠᠢ ᠪᠣᠯᠵᠠᠢ᠃ ᠲᠡᠳᠡ ᠬᠠᠷᠠᠰᠣ | ᠢᠳᠡᠭᠡᠨ ᠳᠤ ᠣᠷᠣᠯᠴᠠᠭᠰᠠᠳ ᠤᠨ ᠦᠷ᠎ᠡ ᠳ᠋ᠦᠩ ᠨᠢ ᠶᠡᠷᠦ ᠠᠴᠠ ᠢᠳᠡᠪᠬᠢᠲᠡᠢ ᠪᠠᠶᠢᠳᠠᠭ ᠢ ᠣᠯᠵᠤ ᠮᠠᠲᠠᠵᠠᠢ᠃ | ᠵᠢᠷᠦᠬᠡ ᠴᠢᠰᠤᠨ ᠰᠤᠳᠠᠯ ᠤᠨ ᠡᠪᠡᠳᠴᠢᠨ ᠤ ᠠᠶᠤᠯ ᠶᠡᠬᠡᠲᠡᠢ ᠬᠥᠮᠥᠰ ᠤᠨ ᠪᠡᠶ᠎ᠡ ᠶᠢᠨ ᠬᠦᠨᠳᠦ ᠶᠢᠨ | ᠪᠠᠭᠤᠷᠠᠯᠲᠠ ᠨᠢ ᠬᠠᠮᠤᠭ ᠢᠯᠡᠷᠬᠡᠢ (3.6 ᠺᠢᠯᠣᠭ᠍ᠷᠠᠮ ᠢ ᠬᠠᠰᠤᠨ᠎ᠠ)᠂ ᠳᠠᠷᠠᠭᠠᠯᠠᠪᠠᠯ Ⅱ ᠬᠡᠯᠪᠡᠷᠢ ᠶᠢᠨ ᠰᠢᠬᠢᠷ | ᠰᠢᠵᠢᠩ ᠡᠪᠡᠳᠴᠢᠲᠡᠨ (2.8 ᠺᠢᠯᠣᠭ᠍ᠷᠠᠮ ᠢ ᠬᠠᠰᠤᠨ᠎ᠠ)᠃ ᠢᠯᠴᠢ ᠶᠢᠨ ᠬᠡᠮᠵᠢᠶ᠎ᠡ ᠶᠢ ᠬᠢᠵᠠᠭᠠᠷᠯᠠᠬᠤ ᠪᠠ ᠢᠯᠴᠢ ᠶᠢᠨ | ᠬᠡᠮᠵᠢᠶ᠎ᠡ ᠶᠢ ᠦᠯᠦ ᠬᠢᠵᠠᠭᠠᠷᠯᠠᠬᠤ ᠰᠤᠳᠤᠯᠭᠠᠨ ᠤ ᠳᠤᠮᠳᠠ ᠠᠴᠠ ᠨᠢᠭᠡᠨ ᠰᠠᠨᠠᠭᠠᠨ ᠳᠤ ᠦᠭᠡᠢ ᠳᠣᠬᠢᠶ᠎ᠠ ᠶᠢ | ᠠᠵᠢᠭᠯᠠᠪᠠᠯ᠂ ᠢᠯᠴᠢ ᠶᠢᠨ ᠬᠡᠮᠵᠢᠶ᠎ᠡ ᠳᠤ ᠬᠢᠵᠠᠭᠠᠷᠯᠠᠭᠳᠠᠬᠤ ᠦᠭᠡᠢ ᠴᠠᠭᠠᠨ ᠬᠤᠭᠤᠯᠠᠲᠠᠨ ᠤ ᠪᠡᠶ᠎ᠡ ᠶᠢᠨ ᠬᠦᠨᠳᠦ ᠶᠢ | ᠪᠠᠭᠤᠷᠠᠭᠤᠯᠬᠤ ︵1.8 ᠺᠢᠯᠣᠭ᠍ᠷᠠᠮ︶ ᠨᠢ ᠬᠢᠵᠠᠭᠠᠷᠯᠠᠭᠳᠠᠭᠰᠠᠨ ᠴᠠᠭᠠᠨ ᠬᠤᠭᠤᠯᠠᠲᠠᠨ ᠤ ᠪᠡᠶ᠎ᠡ ᠶᠢᠨ ᠬᠦᠨᠳᠦ ᠶᠢ | ᠪᠠᠭᠤᠷᠠᠭᠤᠯᠬᠤ ︵4.7 ᠺᠢᠯᠣᠭ᠍ᠷᠠᠮ︶ ᠠᠴᠠ ᠬᠠᠭᠠᠰ ᠢᠯᠡᠭᠦᠦ ᠳᠤᠲᠠᠭᠤ ᠪᠠᠶᠢᠳᠠᠭ᠃ | ᠭᠡᠪᠡᠴᠦ ᠪᠤᠢ ᠪᠦᠬᠦᠢ ᠬᠠᠷᠠᠰᠣ ᠢᠳᠡᠭᠡᠨ ᠴᠥᠮ ᠠᠳᠠᠯᠢᠬᠠᠨ ᠪᠢᠰᠢ ᠶᠤᠮ᠃ ᠵᠢᠱᠢᠶᠡᠯᠡᠪᠡᠯ᠂ ᠲᠦᠷᠭᠡᠨ | ᠬᠤᠭᠤᠯᠠᠨ ᠤ ᠭᠠᠵᠠᠷ ᠤᠨ ᠬᠠᠷᠠᠰᠣ ᠢᠳᠡᠭᠡᠨ ᠤ ᠢᠵᠢ ᠬᠤᠭᠤᠯᠠᠨ ᠳᠤ ᠥᠨᠳᠥᠷ ᠢᠯᠴᠢ ᠶᠢᠨ ᠬᠡᠮᠵᠢᠶ᠎ᠡ᠂ ᠨᠠᠷᠢᠯᠢᠭ | ᠨᠡᠭᠦᠷᠡᠰᠦ ᠤᠰᠤᠨ ᠤ ᠨᠢᠭᠡᠳᠪᠦᠷᠢ᠂ ᠤᠰᠤᠲᠥ᠋ᠷᠥᠭᠴᠢᠲᠤ ᠲᠣᠰᠣ᠂ ᠵᠢᠮᠢᠰ ᠤᠨ ᠰᠢᠬᠢᠷ ᠥᠨᠳᠥᠷ ᠡᠷᠳᠡᠨᠢ ᠰᠢᠰᠢ ᠶᠢᠨ | ᠰᠢᠬᠢᠷ ᠤᠨ ᠡᠭᠡᠳᠡᠩ᠂ ᠨᠢᠰᠢᠩᠭᠦ ᠶᠢᠨ ᠰᠢᠬᠢᠷ ᠪᠤᠶᠤ ᠬᠢᠮᠡᠯ ᠰᠢᠬᠢᠷᠯᠢᠭ ᠡᠳ᠋ ᠪᠠ ᠳᠠᠪᠤᠰᠤ ᠠᠭᠤᠯᠵᠤ ᠮᠡᠳᠡᠨ᠎ᠡ᠃ | ᠬᠡᠷᠪᠡ ᠢᠳᠡᠰᠢᠨ ᠨᠣᠭᠤᠭ᠎ᠠ ᠶᠢ ᠤᠷᠢᠳ ᠢᠶᠠᠷ ᠲᠣᠰᠣᠨ ᠳᠤ ᠪᠤᠴᠠᠯᠭᠠᠪᠠᠯ᠂ ᠴᠠᠭᠠᠨ ᠬᠤᠭᠤᠯᠠᠲᠠᠨ ᠤ | ᠵᠢᠷᠦᠬᠡ ᠴᠢᠰᠤᠨ ᠰᠤᠳᠠᠯ ᠤᠨ ᠡᠪᠡᠳᠴᠢᠨ ᠪᠠ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠨᠢ ᠨᠡᠩ | ᠥᠨᠳᠥᠷ ᠪᠠᠶᠢᠵᠤ ᠮᠡᠳᠡᠨ᠎ᠡ᠃ ᠡᠰᠡᠷᠭᠦ ᠬᠡᠯᠪᠡᠷᠢ ᠶᠢᠨ ᠥᠭᠡᠬᠦᠨ ᠬᠦᠴᠢᠯ ᠪᠠ ᠳᠠᠪᠤᠰᠤ ᠡᠯᠪᠡᠭ ᠠᠭᠤᠯᠤᠭᠰᠠᠨ | ᠢᠳᠡᠭᠡᠨ ᠢ ᠢᠳᠡᠪᠡᠯ ᠵᠢᠷᠦᠬᠡᠨ ᠲᠢᠲᠢᠮ ᠤᠨ ᠡᠪᠡᠳᠴᠢᠨ ᠳᠤ ᠨᠡᠷᠪᠡᠭᠳᠡᠬᠦ ᠠᠶᠤᠯ ᠨᠢ 32% ᠢᠶᠠᠷ ᠥᠨᠳᠥᠷ᠂ Ⅱ | ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠨᠢ ᠴᠦ ᠨᠡᠮᠡᠭᠳᠡᠨ᠎ᠡ᠃ | ᠬᠡᠳᠦᠶᠢᠪᠡᠷ ᠡᠨᠡ ᠬᠦ ᠶᠡᠷᠦᠩᠬᠡᠶᠢᠯᠡᠭᠰᠡᠨ ᠵᠠᠳᠠᠯᠤᠯᠲᠠ ᠳᠤ ᠪᠠᠭᠲᠠᠭᠠᠭᠰᠠᠨ ᠥᠷᠭᠡᠨ ᠳᠡᠯᠭᠡᠷ ᠢᠳᠡᠭᠡᠨ | ᠤᠮᠳᠠᠭᠠᠨ ᠢ ᠬᠢᠵᠠᠭᠠᠷᠯᠠᠬᠤ ᠶᠢᠨ ᠠᠷᠭ᠎ᠠ ᠦᠭᠡᠢ᠂ ᠴᠡᠪᠡᠷ ᠬᠠᠷᠠᠰᠣ ᠢᠳᠡᠭᠡᠨ ᠠᠴᠠ ᠬᠠᠷᠠᠰᠣ ᠢᠳᠡᠭᠡᠨ ︵ᠲᠠᠬᠢᠶᠠᠨ | ᠥᠨᠳᠡᠭᠡ ᠪᠠ ᠴᠠᠭᠠᠨ ᠢᠳᠡᠭᠡ ᠪᠠᠭᠲᠠᠨ᠎ᠠ︶ ᠬᠦᠷᠲᠡᠯᠡᠬᠢ ᠪᠣᠯᠪᠠᠴᠤ ᠡᠳᠡᠭᠡᠷ ᠤᠯᠠᠨ ᠶᠠᠩᠵᠤ ᠶᠢᠨ ᠬᠠᠷᠠᠰᠣ | ᠢᠳᠡᠭᠡᠨ ᠤ ᠶᠡᠷᠦᠩᠬᠡᠢ ᠰᠤᠷᠠᠭ ᠳᠣᠬᠢᠶ᠎ᠠ ᠨᠢ ᠲᠣᠳᠣᠷᠬᠠᠢ ᠪᠠᠶᠢᠳᠠᠭ᠃ᠬᠠᠷᠠᠰᠣ ᠢᠳᠡᠭᠡᠨ ᠨᠢ ᠬᠠᠮᠵᠢᠯᠴᠠᠬᠤ ︵ᠪᠤᠶᠤ | ᠨᠠᠭᠠᠲᠤ ᠵᠠᠬ᠎ᠠ ᠳᠠᠭᠠᠨ ᠥᠯᠥ ᠡᠰᠡᠷᠭᠦᠴᠡᠯᠳᠦᠬᠦ︶ ᠦᠢᠯᠡᠳᠦᠯ ᠲᠠᠢ ᠪᠠᠶᠢᠵᠤ᠂ ᠬᠠᠮᠤᠭ ᠰᠠᠶᠢᠨ ᠡᠮ ᠢᠶᠠᠷ ᠵᠢᠷᠦᠬᠡᠨ ᠤ | ᠰᠣᠯᠢᠯᠴᠠᠭ᠎ᠠ ᠶᠢᠨ ᠠᠯᠢ ᠣᠯᠠᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠳᠤ ᠦᠵᠡᠭᠦᠯᠬᠦ | ᠦᠢᠯᠡᠳᠦᠯ ᠢ ᠨᠡᠮᠡᠭᠳᠡᠭᠦᠯᠵᠦ ᠪᠣᠯᠣᠨ᠎ᠠ᠃ ︵ᠵᠠᠩ ᠵᠢᠶᠠ ᠰᠢᠨ ᠳᠠᠳᠤᠯᠭ᠎ᠠ ᠶᠢᠨ ᠰᠤᠷᠤᠬᠴᠢ ᠭᠧ ᠷᠦᠨ ᠵᠢᠶᠠ︶ | | 【ᠬᠠᠷᠢᠭᠤᠴᠠᠯᠭᠠᠲᠤ ᠨᠠᠶᠢᠷᠠᠭᠤᠯᠤᠭᠴᠢ᠄ ᠸᠠᠩ ᠰᠢᠶᠦ᠋ᠨ】 | | |