ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/8/7
         8 ᠰᠠᠷ᠎ᠠ ᠶᠢᠨ 4 ᠠᠴᠠ 5  ᠤ ᠡᠳᠦᠷ ᠪᠣᠯᠲᠠᠯ᠎ᠠ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠤᠯᠠᠭᠠᠨᠴᠠᠪ ᠬᠤᠳᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠰᠢᠷᠢᠰ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠠᠭ ᠤᠨ ᠪᠦᠷᠢᠯᠳᠦᠭᠦᠨ ᠵᠢᠴᠢ ᠡᠯ᠎ᠡ ᠭᠠᠵᠠᠷ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ ᠠᠴᠠ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠬᠦ ᠪᠠ ᠳ᠋ᠦᠩᠨᠡᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠠᠢ᠃
         8 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ ᠬᠤᠷᠠᠯ ᠳᠤ ᠣᠷᠣᠯᠴᠠᠭᠰᠠᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠭᠠᠯᠲᠤ ᠠᠭᠤᠯᠠ ᠶᠢᠨ ᠠᠷᠠᠳ ᠤᠨ ᠰᠠᠭᠤᠴᠠ᠂ ᠸᠠᠩ ᠱᠠᠨ ᠲᠢᠩ ᠶᠤᠸᠠᠨ ᠠᠷᠠᠳ ᠤᠨ ᠰᠠᠭᠤᠴᠠ ᠪᠠ  ᠸᠠᠩ ᠱᠠᠨ ᠠᠷᠠᠳ ᠤᠨ ᠰᠠᠭᠤᠴᠠ ᠶᠢ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠠᠷᠠᠳ ᠤᠨ ᠰᠠᠭᠤᠴᠠ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠬᠦ ᠰᠡᠳᠬᠢᠴᠡ ᠪᠠ ᠠᠷᠭ᠎ᠠ ᠬᠢᠳᠡᠯ ᠢ ᠨᠠᠷᠢᠨ ᠣᠶᠢᠯᠠᠭᠠᠪᠠ᠃ ᠤᠯᠠᠨ ᠢᠶᠠᠷ ᠢᠶᠠᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠦᠵᠡᠬᠦ ᠶᠢᠨ ᠳᠠᠭᠠᠤ ᠠᠰᠠᠭᠤᠵᠤ᠂ ᠶᠠᠷᠢᠯᠴᠠᠬᠤ ᠶᠢᠨ ᠳᠠᠭᠠᠤ ᠪᠣᠳᠣᠯᠬᠢᠯᠠᠵᠤ᠂ ᠠᠳᠠᠯᠢᠳᠬᠠᠨ ᠰᠤᠷᠤᠯᠴᠠᠬᠤ ᠶᠢ ᠬᠠᠷᠢᠯᠴᠠᠨ ᠲᠣᠯᠢᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠡᠢ᠃          8 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠤᠨ ᠳ᠋ᠦᠩᠨᠡᠨ ᠰᠣᠯᠢᠯᠴᠠᠬᠤ ᠶᠡᠭᠡ ᠬᠤᠷᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠪᠠ᠃ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠤᠸᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠨ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠤᠸᠠ ᠵᠧᠨ ᠬᠤᠷᠠᠯ ᠢ ᠡᠷᠬᠢᠯᠡᠪᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠪᠠ᠃
         ᠬᠤᠷᠠᠯ ᠠᠴᠠ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ︔ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠰᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠢᠴᠢ ᠦᠷᠭᠦᠯᠵᠢᠯᠡᠨ ᠬᠠᠪᠰᠤᠷᠤᠨ ᠲᠡᠳᠬᠦᠬᠦ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠪᠠ ᠮᠥᠩᠭᠦᠨ ᠭᠦᠢᠯᠭᠡᠭᠡᠨ ᠤ ᠳᠡᠮᠵᠢᠯᠭᠡ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠦᠷᠭᠦᠯᠵᠢᠯᠡᠨ ᠬᠥᠭᠵᠢᠭᠦᠯᠬᠦ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠬᠡᠰᠡᠭ ᠰᠢᠶᠠᠨ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠷᠢᠭᠤᠴᠠᠯᠭᠠᠲᠠᠨ ᠲᠣᠰᠪᠣᠷᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃          ᠯᠢ ᠵᠢᠶᠠᠨ ᠵᠢᠶᠦ᠋ᠨ ᠪᠠᠶᠠᠷ ᠤᠨ ᠦᠭᠡ ᠬᠡᠯᠡᠬᠦ ᠳᠡᠭᠡᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠣᠨ ᠨᠥᠬᠦᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠷᠠᠯ ᠬᠤᠷᠠᠯᠳᠤᠭᠰᠠᠨ ᠳᠤ ᠴᠢᠩ ᠰᠡᠳᠬᠢᠯ ᠤᠨ ᠪᠠᠶᠠᠷ ᠬᠦᠷᠭᠡᠵᠦ᠂ ᠤᠯᠠᠨ ᠢᠶᠠᠷ ᠢᠶᠠᠨ ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ ᠵᠢᠭᠠᠵᠤ ᠭᠠᠷᠭᠠᠭᠰᠠᠨ ᠨᠢ᠂ ᠤᠯᠠᠭᠠᠨᠴᠠᠪ ᠬᠤᠲᠠ ᠥᠩᠭᠡᠷᠡᠭᠰᠡᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠢᠮᠠᠭᠲᠠ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ︽ᠳᠥᠷᠪᠡ ᠶᠢ ᠰᠠᠯᠭᠠᠬᠤ ᠦᠭᠡᠢ︾ᠪᠠᠶᠢᠬᠤ ᠶᠢ ᠪᠠᠷᠢᠮᠲᠠᠯᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠰᠤᠮᠤᠨ ᠦᠵᠦᠭᠦᠷ ᠢᠶᠠᠨ ᠰᠤᠯᠠᠷᠠᠭᠤᠯᠬᠤ ᠦᠭᠡᠢ᠂ ᠫᠠᠢ ᠶᠢᠨ ᠲᠥᠪ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠯᠪᠠᠷ ᠪᠤᠰᠤ ᠪᠠᠷ ᠣᠯᠣᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤᠯᠠᠭᠠᠨᠴᠠᠪ ᠬᠤᠳᠠ ᠳᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠬᠤ ᠪᠠᠷ ᠰᠣᠩᠭᠤᠭᠰᠠᠨ ᠨᠢ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠤᠯᠤᠰ ᠲᠦᠷᠦ ᠶᠢᠨ ᠡᠭᠦᠷᠭᠡᠯᠡᠯ ᠪᠠ ᠢᠳᠡᠪᠬᠢᠲᠡᠢ ᠠᠵᠢᠯᠯᠠᠭ᠎ᠠ ᠪᠣᠯᠬᠤ ᠶᠤᠮ᠃ ᠮᠥᠨ ᠴᠦ ᠤᠯᠠᠭᠠᠨᠴᠠᠪ ᠬᠤᠲᠠ ᠶᠢᠨ ᠠᠵᠢᠯ ᠢ ᠭᠦᠢᠴᠡᠳ ᠨᠤᠲᠠᠯᠠᠵᠤ᠂ ᠤᠷᠮᠠᠰᠢᠭᠤᠯᠤᠨ ᠵᠣᠷᠢᠭᠵᠢᠭᠤᠯᠵᠤ᠂ ᠤᠯᠠᠭᠠᠨᠴᠠᠪ ᠬᠤᠲᠠ ᠡᠨᠡ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠠᠲᠤ ᠡᠵᠡᠮᠰᠢᠵᠦ᠂ ᠪᠦᠲᠦᠮᠵᠢᠲᠡᠶ ᠲᠤᠷᠰᠢᠯᠭ᠎ᠠ ᠪᠣᠯᠣᠨ ᠬᠦᠴᠦᠲᠡᠢ ᠠᠷᠭ᠎ᠠ ᠬᠢᠳᠡᠯ ᠢᠶᠠᠷ ᠬᠢᠨᠠᠮᠠᠭᠠᠢ ᠲᠣᠯᠢ ᠪᠣᠯᠭᠠᠵᠤ᠂ ᠬᠥᠳᠡᠯᠦᠩᠭᠦᠢ ᠪᠠᠷ ᠪᠦᠲᠦᠭᠡᠨ ᠪᠠᠶᠢᠭᠤᠯᠵᠤ ᠬᠠᠪᠰᠤᠷᠤᠨ ᠲᠡᠳᠬᠦᠬᠦ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ᠂ ᠲᠦᠷᠦᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠠᠮᠵᠢᠯᠲᠠ ᠪᠦᠲᠦᠮᠵᠢ ᠭᠠᠷᠭᠠᠬᠤ ᠵᠡᠷᠭᠡ ᠡᠯ᠎ᠡ ᠲᠠᠯ᠎ᠠ ᠪᠠᠷ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠲᠤᠯᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
         ᠵᠢᠶᠠ ᠶᠤᠸᠠᠢ ᠹᠧᠩ ᠶᠠᠷᠢᠶᠠᠨ ᠳᠠᠭᠠᠨ᠂︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠶᠠᠨ ᠤ ᠲᠦᠷᠭᠡᠨ ᠬᠥᠭᠵᠢᠯᠲᠡ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︾ᠭᠡᠵᠦ ᠬᠡᠯᠡᠪᠡ᠃ ᠡᠨᠡ ᠪᠣᠯ ᠰᠢ ᠶᠢᠨ ᠫᠢᠩ ᠶᠡᠷᠦᠩᠬᠡᠢ ᠱᠦᠵᠢ ᠶᠢᠨ 6 ᠳ᠋ᠤᠭᠠᠷ ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠪᠣᠯᠣᠨ᠎ᠠ᠃ ᠪᠢᠳᠡ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠴᠢᠩᠭ᠎ᠠ ᠠᠳᠬᠤᠵᠤ ᠰᠠᠶᠢᠲᠤᠷ ᠠᠳᠬᠤᠵᠤ᠂︽ᠬᠤᠶᠠᠷ ᠢ ᠬᠢᠨᠠᠨ ᠬᠡᠮᠵᠢᠬᠦ᠂ ᠬᠤᠶᠠᠷ ᠢ ᠳᠠᠷᠠᠭᠠᠯᠠᠨ ᠪᠠᠶᠢᠴᠠᠭᠠᠬᠤ︾ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠪᠣᠳᠠᠲᠠᠢ ᠠᠳᠬᠤᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ︔ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠡ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠠᠪᠰᠤᠷᠤᠨ ᠲᠡᠳᠬᠦᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ︔ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠤᠨ ᠲᠠᠯ᠎ᠠ ᠪᠠᠷ︽ᠲᠦᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠪᠡᠶᠡᠯᠡᠭᠦᠯᠵᠦ᠂ ᠬᠠᠪᠰᠤᠷᠤᠨ ᠲᠡᠳᠬᠦᠬᠦ ᠡᠲᠡᠭᠡᠳ ᠤᠨ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠣᠯᠣᠨ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠬᠠᠪᠰᠤᠷᠤᠨ ᠲᠡᠳᠬᠦᠬᠦ ᠶᠢ ᠠᠩᠬᠠᠷᠴᠤ᠂ ᠣᠷᠣᠯᠭ᠎ᠠ ᠨᠡᠯᠢᠶᠡᠳ ᠳᠣᠣᠷ᠎ᠠ ᠪᠠ ᠣᠷᠣᠯᠭ᠎ᠠ ᠪᠠᠭᠤᠷᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ︽ᠬᠤᠶᠠᠷ ᠭᠤᠣᠯᠳᠠᠯᠭ᠎ᠠ︾ ᠶᠢ ᠠᠩᠬᠠᠷᠴᠤ᠂ ᠠᠵᠢᠯ ᠣᠯᠭᠤᠯᠲᠠ᠂ ᠠᠵᠤ ᠦᠢᠯᠡᠰ ᠵᠡᠷᠭᠡ ᠤᠯᠠᠨ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠭᠤᠣᠯᠳᠠᠯᠭ᠎ᠠ ᠶᠢ ᠲᠣᠪᠤᠶᠢᠯᠭᠠᠨ ᠰᠠᠶᠢᠲᠤᠷ ᠠᠳᠬᠤᠬᠤ ᠬᠡᠷᠡᠭᠲᠡᠢ᠃          ᠵᠢᠶᠠ ᠶᠤᠸᠠᠢ ᠹᠧᠩ ᠴᠢᠬᠤᠯᠠᠴᠢᠯᠠᠬᠤ ᠳᠠᠭᠠᠨ᠂ ᠮᠠᠯᠴᠢᠨ ᠲᠠᠷᠢᠶᠠᠴᠢᠨ ᠤ ᠭᠦᠢᠴᠡᠳ ᠣᠷᠣᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠢ ᠨᠠᠩ ᠣᠯᠠᠨ ᠣᠷᠣᠯᠴᠠᠭᠤᠯᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠮᠡᠨ ᠪᠠᠶᠢᠭᠤᠯᠵᠤ᠂ ᠨᠠᠩ ᠣᠯᠠᠨ ᠱᠠᠩᠨᠠᠬᠤ ᠨᠥᠬᠦᠪᠦᠷᠢᠯᠡᠬᠦ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ︔ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠢᠯᠭᠠᠷᠠᠭᠤᠯᠬᠤ᠂ ᠶᠡᠬᠡᠪᠡᠷ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ︽ᠳᠡᠭᠡᠭᠰᠢᠯᠡᠭᠦᠯᠬᠦ ᠣᠨ︾ ᠤ ᠠᠵᠢᠯ ᠢ ᠬᠦᠴᠦᠲᠡᠢ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠠᠷᠢᠭᠤᠨ ᠴᠡᠪᠡᠷ ᠵᠣᠷᠯᠣᠩ ᠤᠨ ︽ᠶᠡᠬᠡᠪᠡᠷ ᠮᠥᠷᠥᠶᠢᠴᠡᠬᠦ︾ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠴᠢᠩᠭ᠎ᠠ ᠠᠬᠢᠭᠤᠯᠬᠤ ᠬᠡᠷᠡᠭᠲᠡᠢ᠃ᠡᠭᠦᠨ ᠤ ᠬᠠᠮᠲᠤ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠪᠦᠬᠦ ᠲᠠᠯ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠲᠥᠪ ᠴᠢᠩᠭ᠎ᠠ ᠣᠪᠣᠷ᠂ ᠴᠢᠩᠭ᠎ᠠ ᠪᠠᠷᠢᠮᠵᠢᠶ᠎ᠠ᠂ ᠴᠢᠩᠭ᠎ᠠ ᠪᠣᠳᠠᠲᠠᠢ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠳᠡᠭᠲᠡᠷ ᠲᠤ ᠭᠠᠷᠭᠠᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃          ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠵᠥᠷᠢᠶ᠎ᠡ ᠪᠠᠨ ᠡᠷᠢᠵᠦ᠂ ᠲᠤᠷᠰᠢᠯᠭ᠎ᠠ ᠰᠤᠷᠤᠯᠴᠠᠵᠤ᠂ ᠰᠡᠳᠬᠢᠴᠡ ᠪᠠᠨ ᠡᠮᠬᠢᠯᠡᠵᠦ᠂ ᠡᠷᠴᠢ ᠵᠣᠷᠢᠭ ᠢᠶᠠᠨ ᠬᠥᠪᠴᠢᠯᠡᠪᠡ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠵᠦ ᠬᠠᠷᠢᠯᠴᠠᠨ ᠲᠣᠯᠢ ᠪᠣᠯᠭᠠᠬᠤ᠂ ᠠᠳᠠᠯᠢᠳᠬᠠᠨ ᠰᠤᠷᠤᠯᠴᠠᠵᠦ ᠭᠦᠢᠴᠡᠵᠦ ᠳᠠᠪᠠᠵᠤ ᠭᠠᠷᠬᠤ ᠶᠢ ᠴᠢᠩᠭᠠᠳᠬᠠᠵᠤ᠂ ᠨᠡᠩ ᠲᠡᠭᠦᠯᠳᠡᠷ ᠵᠣᠷᠢᠭ ᠰᠠᠨᠠᠭ᠎ᠠ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠡᠪ ᠳᠠᠭᠤᠷᠢᠶᠠᠯ ᠢ ᠴᠢᠷᠮᠠᠶᠢᠨ ᠴᠣᠭᠴᠠᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号