ᠥᠪᠥᠷ ᠮᠣᠩᠭᠤᠯ ᠬᠠᠲᠤᠨ ᠭᠤᠣᠯ ᠤᠨ ︽ᠬᠡᠳᠦᠨ ᠥᠰᠥᠭ ᠤᠨ ᠮᠤᠷᠤᠶᠢᠯᠲᠠ︾ ᠶᠢᠨ ᠠᠮᠢ ᠠᠬᠤᠢ ᠶᠢᠨ ᠵᠠᠰᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2023/9/11
         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠲᠤᠨ ᠭᠤᠣᠯ ᠤᠨ ︽ᠬᠡᠳᠦᠨ ᠥᠰᠥᠭ ᠤᠨ ᠮᠤᠷᠤᠶᠢᠯᠲᠠ︾ ᠶᠢᠨ ᠠᠮᠢ ᠠᠬᠤᠢ ᠶᠢᠨ ᠵᠠᠰᠠᠯᠲᠠ ᠶᠢᠨ ᠰᠢᠪᠲᠤᠯᠤᠯᠲᠠ ᠶᠢᠨ ᠲᠡᠶᠢᠨ ᠢ ᠪᠥᠬᠦ ᠲᠠᠯ᠎ᠠ ᠪᠠᠷ ᠡᠬᠢᠯᠡᠭᠦᠯᠵᠦ ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠬᠠᠲᠤᠨ ᠭᠤᠣᠯ ᠤᠨ ᠡᠯᠡᠰᠦ ᠤᠷᠤᠰᠬᠠᠬᠤ ᠬᠡᠮᠵᠢᠶ᠎ᠡ ᠶᠢ ᠪᠠᠭᠠᠰᠬᠠᠬᠤ ᠪᠠᠷ ᠭᠤᠣᠯ ᠰᠢᠪᠲᠤᠯᠤᠯᠲᠠ ᠶᠢᠨ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠵᠠᠰᠠᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃          ᠡᠨᠡ ᠪᠣᠯ ᠰᠤᠷᠪᠤᠯᠵᠢᠯᠠᠭᠴᠢ ᠶᠢᠨ 9 ᠳ᠋ᠤᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠪᠠᠶᠢᠳᠠᠯ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠦᠩ ᠴᠢᠤᠸᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠥᠪᠥᠷ ᠮᠣᠩᠭᠤᠯ ᠬᠠᠲᠤᠨ ᠭᠤᠣᠯ ᠤᠨ ︽ᠬᠡᠳᠦᠨ ᠥᠰᠥᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠠᠯᠭᠠᠯᠳᠤᠭᠰᠠᠨ ᠣᠷᠣᠨ ᠳᠤ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠬᠥᠪᠴᠢ ᠶᠢᠨ ᠡᠯᠡᠰᠦ ᠮᠠᠩᠬᠠᠨ᠂ ᠮᠤᠤᠠᠤᠰᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠮᠤᠨᠢ ᠠᠭᠤᠯᠠ ᠶᠢᠨ ᠠᠷᠤ ᠬᠤᠷᠮᠣᠢ᠂ ᠪᠣᠷᠣᠳᠣᠬᠤᠢ ᠶᠢᠨ ᠲᠠᠯ᠎ᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠂ ᠲᠡᠭᠷᠢ  — — ᠤᠯᠠᠭᠠᠨᠪᠤᠬ᠎ᠠ ᠶᠢᠨ ᠡᠯᠡᠰᠦ ᠮᠠᠩᠬᠠᠨ ᠂ ᠠᠯᠠᠱᠠᠨ ᠠᠭᠤᠯᠠ ᠶᠢᠨ ᠪᠠᠷᠠᠭᠤᠨ ᠬᠤᠷᠮᠣᠢ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃          ᠴᠧᠨ ᠶᠦᠩ ᠴᠢᠤᠸᠠᠨ᠂ ᠥᠪᠥᠷ ᠮᠣᠩᠭᠤᠯ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠣᠶᠢᠵᠢᠭᠤᠯᠵᠤ ᠡᠪᠡᠰᠦ ᠲᠠᠷᠢᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠵᠤ᠂ ᠰᠠᠯᠬᠢ ᠡᠯᠡᠰᠦᠨ ᠤ ᠵᠠᠮ ᠤᠨ ᠬᠤᠷᠢᠭᠯᠠᠯᠲᠠ ᠶᠢᠨ ᠪᠦᠰᠡ ᠶᠢ ᠪᠠᠶᠢᠭᠤᠯᠵᠤ᠂ ᠬᠥᠪᠴᠢ ᠶᠢᠨ ᠡᠯᠡᠰᠦ ᠮᠠᠩᠬᠠᠨ ᠤ ᠡᠮᠦᠨᠡᠰᠢ ᠰᠢᠯᠵᠢᠵᠦ ᠵᠡᠭᠦᠨᠰᠢ ᠥᠷᠭᠡᠳᠬᠦ ᠪᠠ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢ ᠡᠯᠡᠰᠦ ᠶᠢᠨ ᠵᠡᠭᠦᠨᠰᠢ ᠰᠢᠯᠵᠢᠵᠦ ᠡᠮᠦᠨᠡᠰᠢ ᠥᠷᠭᠡᠵᠢᠬᠦ ᠶᠢ ᠪᠦᠲᠦᠮᠵᠢᠲᠡᠢ ᠬᠤᠷᠢᠭᠯᠠᠨ᠎ᠠ ᠭᠡᠵᠦ ᠬᠡᠯᠡᠪᠡ᠃ᠣᠶᠢᠵᠢᠭᠤᠯᠵᠤ ᠡᠪᠡᠰᠦ ᠲᠠᠷᠢᠬᠤ᠂ ᠨᠢᠰᠬᠡᠯ ᠢᠶᠠᠷ ᠲᠠᠷᠢᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠨ ᠤ ᠬᠦᠴᠦ ᠪᠠᠷ ᠵᠠᠰᠠᠬᠤ ᠡᠷᠴᠢᠮ ᠢ ᠴᠢᠩᠭᠠᠷᠠᠭᠤᠯᠵᠤ᠂ ᠬᠠᠮᠤᠭ ᠡᠴᠦᠰ ᠲᠤ ᠰᠦᠵᠢ ᠶᠢᠨ ᠡᠯᠡᠰᠦᠷᠬᠡᠭ ᠭᠠᠵᠠᠷ ᠪᠠ ᠪᠣᠷᠣᠳᠣᠬᠤᠢ ᠶᠢᠨ ᠲᠠᠯ᠎ᠠ ᠭᠠᠵᠠᠷ ᠤᠨ ᠬᠡᠰᠡᠭ ᠪᠤᠰᠠᠭ ᠡᠯᠡᠰᠦᠷᠬᠡᠭ ᠭᠠᠵᠠᠷ ᠢ ᠪᠦᠬᠦ ᠲᠠᠯ᠎ᠠ ᠪᠠᠷ ᠵᠠᠰᠠᠬᠤ ᠶᠢ ᠪᠡᠶᠡᠯᠡᠭᠦᠯᠦᠨ᠎ᠡ᠃ᠣᠶᠢᠵᠢᠭᠤᠯᠵᠤ ᠡᠪᠡᠰᠦ ᠳᠠᠷᠢᠬᠤ᠂ ᠪᠢᠲᠡᠭᠦᠮᠵᠢᠯᠡᠨ ᠪᠣᠶᠢᠵᠢᠭᠤᠯᠬᠤ᠂ ᠨᠢᠰᠬᠡᠯ ᠢᠶᠠᠷ ᠳᠠᠷᠢᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠬᠥᠪᠡᠭᠡ ᠲᠠᠢ ᠣᠶ ᠡᠪᠡᠰᠦᠨ ᠤ ᠪᠦᠰᠡ ᠶᠢ ᠪᠦᠲᠦᠭᠡᠨ ᠪᠠᠶᠢᠭᠤᠯᠵᠤ᠂ ᠲᠡᠭᠷᠢ ᠂ ᠪᠠᠳᠠᠢ ᠶᠢᠨ ᠭᠢᠷᠢᠨ ᠤ ᠬᠤᠶᠠᠷ ᠶᠡᠭᠡ ᠡᠯᠡᠰᠦᠨ ᠴᠥᠯ ᠤᠨ ᠤᠷᠤᠭᠰᠢ ᠰᠢᠯᠵᠢᠬᠦ ᠶᠢ ᠪᠦᠲᠦᠮᠵᠢᠲᠡᠶ ᠬᠤᠷᠢᠭᠯᠠᠵᠤ᠂ ᠠᠯᠠᠱᠠ ᠠᠭᠤᠯᠠ ᠶᠢᠨ ᠠᠮᠢ ᠠᠬᠤᠢ ᠶᠢᠨ ᠬᠤᠩᠭᠢᠯ ᠪᠠ ᠪᠣᠷᠣᠳᠣᠬᠤᠢ ᠶᠢᠨ ᠲᠠᠯ᠎ᠠ ᠭᠠᠵᠠᠷ ᠲᠤ ᠡᠯᠡᠰᠦ ᠮᠠᠩᠬᠠᠨ ᠤ ᠬᠠᠯᠳᠠᠨ ᠳᠠᠭᠠᠷᠢᠬᠤ ᠶᠢ ᠬᠤᠷᠢᠭᠯᠠᠵᠤ᠂ ᠡᠯᠡᠰᠦᠨ ᠴᠥᠯ ᠤᠨ ᠬᠠᠲᠤᠨ ᠭᠤᠣᠯ ᠳᠤ ᠨᠡᠭᠦᠨ ᠣᠷᠣᠬᠤ ᠶᠢ ᠪᠦᠲᠦᠮᠵᠢᠲᠡᠶ ᠬᠤᠷᠢᠭᠯᠠᠨ᠎ᠠ᠃          ᠥᠪᠥᠷ ᠮᠣᠩᠭᠤᠯ ᠪᠠᠶᠢᠭᠠᠯᠢ ᠶᠢᠨ ᠨᠤᠲᠤᠭ ᠪᠡᠯᠴᠢᠭᠡᠷ ᠮᠠᠭᠤᠳᠠᠬᠤ᠂ ᠬᠡᠲᠦᠷᠡᠲᠡᠯ᠎ᠡ ᠮᠠᠯ ᠮᠠᠯᠵᠢᠬᠤ‌ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠬᠦᠷᠢᠶᠡᠯᠡᠵᠦ ᠪᠢᠲᠡᠭᠦᠮᠵᠢᠯᠡᠨ ᠪᠣᠶᠢᠵᠢᠭᠤᠯᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠲᠠᠰᠤᠷᠠᠯᠳᠡ ᠦᠭᠡᠢ ᠳᠡᠭᠡᠭᠰᠢᠯᠡᠭᠦᠯᠪᠡ᠃          ᠥᠪᠥᠷ ᠮᠣᠩᠭᠤᠯ ᠤᠨ ᠬᠢᠯᠢ ᠳᠣᠲᠣᠷᠠᠬᠢ ᠬᠠᠲᠤᠨ ᠭᠤᠣᠯ ᠤᠨ ︽ᠬᠡᠳᠦᠨ ᠥᠰᠥᠭ ᠤᠨ ᠮᠤᠷᠤᠶᠢᠯᠲᠠ︾ ᠨᠢ 7 ᠠᠶᠢᠮᠠᠭ ᠬᠤᠲᠠ ᠶᠢᠨ 35 ᠬᠤᠰᠢᠭᠤ ᠰᠢᠶᠠᠨ ᠲᠣᠭᠤᠷᠢᠭ ᠲᠤ ᠬᠤᠯᠪᠣᠭᠳᠠᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠷᠬᠠᠯᠲᠠ ᠨᠡᠯᠢᠶᠡᠳ ᠲᠥᠪᠯᠡᠷᠡᠭᠰᠡᠨ᠂ ᠬᠡᠮᠵᠢᠶ᠎ᠡ ᠨᠢ ᠨᠡᠯᠢᠶᠡᠳ ᠬᠦᠨᠳᠦ ᠨᠣᠴᠢᠲᠠᠢ ᠭᠠᠵᠠᠷ ᠣᠷᠣᠨ ᠪᠠᠶᠢᠵᠤ᠂ ᠠᠮᠢ ᠠᠬᠤᠢ ᠶᠢᠨ ᠵᠠᠰᠠᠯᠲᠠ ᠶᠢᠨ ᠰᠢᠪᠲᠤᠯᠤᠯᠲᠠ ᠶᠢᠨ ᠲᠡᠶᠢᠨ ᠤ ᠭᠤᠣᠯ ᠲᠡᠶᠢᠨ ᠤ ᠲᠠᠯᠠᠪᠤᠷ ᠪᠣᠯᠣᠨ᠎ᠠ᠃ ︵ᠸᠧᠨ᠄ ᠯᠢ ᠶᠦᠨ ᠫᠢᠩ︶
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号