ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠠᠯᠲᠠᠨ ᠨᠠᠮᠤᠷ ᠤᠨ ᠬᠤᠷᠢᠶᠠᠯᠲᠠ ᠶᠢᠨ ᠤᠯᠠᠷᠢᠯ ᠳᠤ ᠡᠷᠳᠡᠨᠢ ᠰᠢᠰᠢ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2023/9/20
         ᠣᠳᠣᠬᠠᠨ ᠳᠤ᠂ ᠡᠷᠳᠡᠨᠢ ᠰᠢᠰᠢ ᠨᠢᠭᠡᠨᠲᠡ ᠵᠠᠯᠭᠠᠭ᠎ᠠ ᠪᠠᠷ ᠪᠣᠯᠪᠠᠰᠤᠷᠠᠵᠤ᠂ ᠬᠠᠳᠤᠵᠤ ᠬᠤᠷᠢᠶᠠᠬᠤ ᠬᠤᠭᠤᠴᠠᠭᠠᠨ ᠳᠤ ᠣᠷᠣᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠮᠠᠯ ᠤᠨ ᠡᠷᠦᠬᠡ ᠴᠠᠭ ᠤᠯᠠᠷᠢᠯ ᠢ ᠠᠮᠵᠢᠨ ᠬᠤᠷᠢᠶᠠᠯᠲᠠ ᠪᠠᠨ ᠱᠠᠯᠠᠪᠳᠠᠨ ᠬᠤᠷᠢᠶᠠᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠯᠦ ᠵᠢᠶᠠ ᠲᠣᠰᠬᠤᠨ ᠤ ᠨᠢᠭᠡᠨ ᠵᠢᠮᠢᠰ ᠤᠨ ᠡᠷᠳᠡᠨᠢ ᠰᠢᠰᠢ ᠶᠢᠨ ᠲᠠᠷᠢᠮᠠᠯ ᠤᠨ ᠰᠠᠭᠤᠷᠢᠨ ᠳᠤ᠂ ᠡᠷᠳᠡᠨᠢ ᠰᠢᠰᠢ ᠶᠢᠨ ᠲᠠᠷᠢᠶᠠᠨ ᠳᠤ ᠨᠣᠭᠤᠭᠠᠨ ᠥᠩᠭᠡ ᠪᠠᠷ ᠪᠢᠯᠬᠠᠵᠤ᠂ ᠡᠷᠳᠡᠨᠢ ᠰᠢᠰᠢ ᠶᠢᠨ ᠠᠩᠬᠢᠯᠤᠮ᠎ᠠ ᠦᠨᠦᠷ ᠬᠠᠩᠬᠤᠯᠵᠤ᠂ ᠬᠠᠳᠤᠵᠤ ᠬᠤᠷᠢᠶᠠᠬᠤ ᠮᠠᠰᠢᠨ ᠲᠠᠷᠢᠶᠠᠨ ᠳᠤ ᠰᠦᠯᠵᠢᠯᠳᠦᠵᠦ᠂ ᠬᠠᠳᠤᠵᠤ ᠲᠠᠯᠪᠢᠭᠰᠠᠨ ᠡᠷᠳᠡᠨᠢ ᠰᠢᠰᠢ ᠪᠠᠨ ᠵᠥᠭᠡᠭᠡᠪᠦᠷᠢ ᠶᠢᠨ ᠲᠡᠷᠭᠡᠨ ᠳᠤ ᠰᠠᠭᠤᠯᠭᠠᠵᠤ᠂ ᠦᠵᠡᠰᠬᠦᠯᠡᠩᠲᠦ ᠰᠠᠶᠢᠬᠠᠨ ᠡᠯᠪᠡᠭ ᠬᠤᠷᠢᠶᠠᠯᠲᠠ ᠶᠢᠨ ᠵᠢᠷᠤᠭ ᠢ ᠪᠦᠲᠦᠭᠡᠵᠡᠢ᠃
         ᠯᠦ ᠵᠢᠶᠠ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠤᠨ ᠶᠠᠩ ᠵᠢᠦ ᠵᠢᠩ ᠲᠣᠰᠬᠤᠨ ᠤ ᠲᠠᠷᠢᠮᠠᠯ ᠤᠨ ᠡᠷᠦᠬᠡ ᠯᠢ ᠶᠠᠨ ᠫᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠷᠡ ᠡᠨᠡ ᠵᠢᠯ 300 ᠮᠦ ᠵᠢᠮᠢᠰ ᠡᠷᠳᠡᠨᠢ ᠰᠢᠰᠢ ᠳᠠᠷᠢᠵᠤ᠂ ᠮᠦ ᠪᠦᠷᠢ ᠶᠢᠨ ᠤᠨᠠᠯᠲᠠ ᠨᠢ ᠨᠢᠭᠡ ᠲᠣᠨ ᠬᠠᠭᠠᠰ ᠣᠷᠴᠢᠮ ᠪᠠᠶᠢᠵᠤ᠂ 30 ᠭᠠᠷᠤᠢ ᠲᠦᠮᠡᠨ ᠲᠥᠭᠦᠷᠢᠭ ᠤᠨ ᠣᠷᠣᠯᠭ᠎ᠠ ᠣᠯᠵᠤ ᠪᠣᠯᠣᠨ᠎ᠠ ᠭᠡᠵᠡᠢ᠃          ᠡᠨᠡ ᠵᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠡᠶᠢᠲᠡ 13.5 ᠲᠦᠮᠡᠨ ᠮᠦ ᠡᠷᠳᠡᠨᠢ ᠰᠢᠰᠢ ᠳᠠᠷᠢᠵᠤ᠂ ᠶᠡᠷᠦᠩᠬᠡᠢ ᠤᠨᠠᠯᠲᠠ ᠨᠢ ᠵᠢᠱᠢᠯᠲᠡ ᠪᠠᠷ 1215 ᠲᠦᠮᠡᠨ ᠵᠢᠩ ᠳᠤ ᠬᠦᠷᠴᠦ᠂ 9 ᠰᠠᠷ᠎ᠠ ᠶᠢᠨ ᠰᠡᠭᠦᠯᠴᠢ ᠪᠠᠷ ᠬᠠᠳᠤᠵᠤ ᠬᠤᠷᠢᠶᠠᠬᠤ ᠠᠵᠢᠯ ᠢᠶᠠᠨ ᠳᠠᠭᠤᠰᠬᠠᠬᠤ ᠪᠣᠯᠣᠨ᠎ᠠ᠃ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠴᠢᠬᠤᠯᠠ ᠠᠵᠢᠯ ᠢᠶᠠᠨ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠯᠢᠳᠡᠭ ᠡᠭᠦᠯᠳᠡᠷ ᠢ ᠢᠳᠡᠪᠬᠢᠲᠡᠢ ᠳᠡᠯᠭᠡᠷᠡᠭᠦᠯᠦᠨ᠂ ᠲᠠᠷᠢᠶᠠᠨ ᠭᠠᠵᠠᠷ ᠤᠨ ᠤᠰᠤᠨ ᠪᠣᠷᠳᠣᠭᠤᠷ ᠤᠨ ᠬᠠᠮᠢᠶᠠᠷᠤᠯᠲᠠ ᠶᠢᠨ ᠡᠯ᠎ᠡ ᠵᠠᠩᠭᠢᠯᠠᠭ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠳᠡᠯᠭᠡᠷᠡᠭᠦᠯᠦᠨ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢ ᠪᠡᠶᠡᠯᠡᠭᠦᠯᠵᠡᠢ᠃
         ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠠᠮᠤ ᠪᠤᠳᠠᠭᠠᠨ ᠤ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠠᠯᠠᠪᠠᠶ ᠶᠢ ᠲᠣᠭᠲᠠᠪᠤᠷᠢᠵᠢᠭᠤᠯᠬᠤ᠂ ᠤᠨᠠᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ︾ ᠬᠠᠷᠠᠯᠲᠠ ᠶᠢᠨ ᠲᠣᠭᠤᠷᠢᠨ ᠳᠤ᠂ ᠰᠠᠶᠢᠨ ᠡᠭᠦᠯᠳᠡᠷ᠂ ᠲᠠᠷᠢᠶᠠᠯᠠᠩ ᠤᠨ ᠮᠡᠷᠭᠡᠵᠢᠯ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号