ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠠᠵᠢᠯ ᠲᠠᠢ | ᠨᠢᠭᠲᠠ ᠤᠶᠠᠯᠳᠤᠭᠤᠯᠤᠨ᠂ 9 ᠰᠠᠷ᠎ᠠ ᠶᠢᠨ 27 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠲᠤᠰᠬᠠᠢ ᠰᠡᠳᠦᠪᠲᠦ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | | ᠬᠤᠷᠠᠯ ᠠᠴᠠ ᠤᠯᠠᠮᠵᠢᠯᠠᠨ ᠰᠤᠷᠤᠯᠴᠠᠯᠭ᠎ᠠ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︽ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠲᠤᠬᠠᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠲᠣᠭᠲᠠᠭᠠᠯ︾ ︽ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ | ᠰᠠᠨᠠᠯ︾᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠡᠰᠡᠭ ᠬᠠᠷᠢᠭᠤᠴᠠᠯᠭᠠᠲᠠᠨ ᠰᠤᠷᠤᠯᠴᠠᠭᠰᠠᠨ | ᠣᠶᠢᠯᠠᠭᠠᠯᠲᠠ ᠪᠠ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠡᠰ ᠳᠠᠷᠠᠭᠠᠯᠠᠨ | ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠵᠣᠬᠢᠴᠠᠩᠭᠤᠢ ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠤᠳᠤ ᠦᠶ᠎ᠡ ᠶᠢᠨ ᠮᠠᠯ ᠠᠵᠤ ᠠᠬᠤᠢ | ᠲᠠᠷᠢᠶᠠᠯᠠᠩ᠂ ᠵᠤᠭᠠᠴᠠᠯ ᠤᠨ ᠦᠢᠯᠡᠰ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠳᠠᠰᠤᠷᠠᠯᠳᠠ ᠦᠭᠡᠢ | ᠪᠣᠳᠠᠲᠠᠶᠢᠵᠢᠭᠤᠯᠵᠤ᠂ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠠᠮᠲᠤ ᠶᠢᠨ ᠬᠥᠭᠵᠢᠯᠲᠡ᠂ ᠬᠠᠮᠲᠤ ᠶᠢᠨ ᠴᠢᠨᠡᠭᠡᠯᠢᠭᠵᠢᠯ ᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠨᠠᠶᠢᠵᠠ ᠨᠠᠷ ᠠᠵᠤ ᠠᠬᠤᠶᠢᠯᠠᠯ᠂ ᠬᠠᠪᠰᠤᠷᠤᠨ ᠲᠡᠳᠬᠦᠬᠦ | ᠲᠣᠰᠬᠤᠨ ᠤ ᠳᠣᠲᠣᠷ᠎ᠠ ᠥᠷᠭᠡᠨ ᠤᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠢ | ᠬᠠᠪᠰᠤᠷᠤᠨ ᠲᠡᠳᠬᠦᠵᠦ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ | ᠪᠠᠷ ᠭᠤᠣᠯ ᠰᠡᠳᠦᠪ ᠪᠣᠯᠭᠠᠭᠰᠠᠨ ᠡᠯᠪᠡᠭ ᠪᠠᠶᠠᠯᠢᠭ ᠠᠭᠤᠯᠭ᠎ᠠ ᠲᠠᠢ᠂ ᠤᠯᠠᠨ ᠬᠡᠯᠪᠡᠷᠢ ᠶᠢᠨ ᠠᠵᠢᠯᠯᠠᠭ᠎ᠠ ᠶᠢ | ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠠᠶᠢᠭᠤᠯᠬᠤ ᠠᠵᠢᠯ ᠢ ᠠᠵᠤ ᠠᠬᠤᠢ ᠶᠢᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | | ᠬᠤᠷᠠᠯ ᠤᠨ ᠳᠠᠷᠠᠭ᠎ᠠ᠂ ᠥᠪᠥᠷ ᠮᠣᠩᠭᠤᠯ ᠤᠨ ᠶᠢᠨ ᠢ ᠰᠢᠨ᠎ᠡ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠶᠢᠨ ᠬᠠᠷᠢᠭᠤᠴᠠᠯᠭᠠᠲᠠᠨ ᠴᠢᠶᠣᠤ ᠶᠠᠩ ᠢᠯᠡᠷᠬᠡᠶᠢᠯᠡᠬᠦ ᠳᠡᠭᠡᠨ᠄ ︽ᠲᠤᠰ ᠤᠳᠠᠭᠠᠨ ᠤ ᠲᠤᠰᠬᠠᠢ ᠰᠡᠳᠦᠪᠲᠦ | ᠰᠤᠷᠤᠯᠴᠠᠯᠭ᠎ᠠ ᠨᠢ ᠪᠢᠳᠡᠨ ᠤ ᠦᠨᠳᠦᠰᠦᠲᠡᠨ ᠤ ᠠᠵᠢᠯ ᠤᠨ ᠲᠤᠬᠠᠢ ᠣᠶᠢᠯᠠᠭᠠᠯᠲᠠ ᠪᠠ ᠡᠵᠡᠮᠰᠢᠯ ᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠡᠢ᠂ ᠨᠡᠩ ᠴᠤ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠶ ᠪᠣᠯᠭᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠬᠡᠷᠡᠭᠴᠡᠭᠡ ᠮᠥᠨ᠂ ᠮᠥᠨ ᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ᠂ ᠬᠤᠶᠢᠰᠢᠳᠠ ᠪᠢᠳᠡ ᠯᠠᠪᠲᠠᠢ | ᠲᠤᠰ ᠲᠤᠰ ᠤᠨ ᠠᠵᠤ ᠠᠬᠤᠶᠢᠯᠠᠯ ᠤᠨ ᠣᠨᠴᠠᠯᠢᠭ ᠪᠠ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ | ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠳᠤ ᠶᠢᠨ ᠪᠠᠶᠢᠭ᠎ᠠ ᠠᠵᠢᠯ ᠤᠨ ᠰᠠᠭᠤᠷᠢᠨ | ᠳᠡᠭᠡᠷ᠎ᠡ᠂ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠦᠢᠯᠡᠳᠪᠦᠷᠢᠯᠡᠯ ᠢ ᠬᠠᠮᠲᠤᠪᠠᠷ ᠠᠬᠢᠭᠤᠯᠬᠤ ᠠᠵᠢᠯ ᠤᠨ ᠣᠷᠴᠢᠨ | ᠲᠣᠭᠤᠷᠢᠨ ᠢ ᠴᠢᠷᠮᠠᠶᠢᠨ ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ | ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠤᠰ ᠪᠡᠶ᠎ᠡ ᠶᠢᠨ ᠠᠵᠤ ᠠᠬᠤᠶᠢᠯᠠᠯ ᠢᠶᠠᠨ ︽ᠠᠨᠠᠷ ᠤᠨ | ᠦᠷ᠎ᠡ ᠶᠢᠨ ᠠᠵᠤ ᠠᠬᠤᠶᠢᠯᠠᠯ︾ ᠪᠣᠯᠭᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠡᠪ ᠳᠠᠭᠤᠷᠢᠶᠠᠯ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠡᠪ ᠳᠠᠭᠤᠷᠢᠶᠠᠯ ᠪᠣᠯᠬᠤ ᠬᠡᠷᠡᠭᠲᠡᠢ︾ᠭᠡᠵᠦ ᠬᠡᠯᠡᠪᠡ᠃ | | ᠵᠣᠬᠢᠶᠠᠭᠴᠢ᠄ ᠡᠬᠡ ᠪᠢᠴᠢᠭ ᠬᠠᠩᠭᠠᠭᠴᠢ᠄ ᠵᠢᠶᠠ ᠴᠢ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |