ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠣᠷᠳᠣ ᠰᠢᠭ᠋ ᠬᠤᠭᠤᠴᠠᠭᠠᠨ ᠳᠤ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠲᠤ ᠣᠯᠠᠨ ᠲᠠᠯ᠎ᠠ ᠪᠠᠷ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠬᠠᠩᠭᠠᠬᠤ ᠪᠠᠷ ᠪᠤᠢ
ᠨᠡᠶᠢᠲᠡᠯᠡᠭᠰᠡᠨ ᠴᠠᠭ᠄
2023/9/4
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ ᠲᠢᠶᠠᠨ ᠰᠢᠶᠣᠣ ᠬᠠᠩ︶ ᠳᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ 29 ᠤ ᠡᠳᠦᠷ ᠪᠡᠭᠡᠵᠢᠩ ᠳᠤ ︽ᠳᠤᠮᠳᠠᠳᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠮᠡᠳᠡᠭᠦᠯᠦᠯᠲᠡ ︵2021  — — 2022︶︾ ᠶᠢ ᠨᠡᠶᠢᠲᠡᠯᠡᠪᠡ᠃ ᠮᠡᠳᠡᠭᠦᠯᠦᠯᠲᠡ ᠳᠤ ᠦᠵᠡᠭᠰᠡᠨ ᠨᠢ᠂ ᠬᠥᠮᠥᠨ ᠠᠮᠠ ᠶᠢᠨ ᠨᠠᠰᠤᠵᠢᠯᠲᠠ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠳᠤᠮᠳᠠ ᠣᠷᠳᠣ ᠬᠤᠭᠤᠴᠠᠭᠠᠨ ᠤ ᠳᠣᠲᠣᠷ᠎ᠠ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ ᠲᠠᠰᠤᠷᠠᠯᠲᠠ ᠦᠭᠡᠢ ᠲᠣᠪᠣᠶᠢᠮ᠎ᠠ ᠪᠣᠯᠵᠤ᠂ ᠨᠠᠰᠤᠵᠢᠯ ᠤᠨ ᠠᠵᠤ ᠦᠢᠯᠡᠰ ᠲᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠯᠤᠲᠤ ᠶᠡᠭᠡ ᠳᠠᠯᠳᠠ ᠬᠦᠴᠦᠨ ᠠᠭᠤᠯᠤᠭᠳᠠᠵᠤ ᠪᠠᠶᠢᠨ᠎ᠠ᠃      ᠮᠡᠳᠡᠭᠦᠯᠦᠯᠲᠡ ᠶᠢ ᠦᠨᠳᠦᠰᠦᠯᠡᠪᠡᠯ᠂ 2021  — — 2035 ᠣᠨ ᠳᠤ᠂ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠣᠯᠠᠨ ᠲᠠᠯ᠎ᠠ ᠪᠠᠷ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠢ ᠪᠣᠯᠵᠠᠢ᠂ ᠵᠢᠱᠢᠶᠡᠯᠡᠪᠡᠯ᠂ ᠨᠠᠰᠤᠵᠢᠯ ᠤᠨ ᠡᠷᠡᠭᠦᠯ ᠮᠡᠨᠳᠦ ᠶᠢᠨ ᠲᠠᠯ᠎ᠠ ᠪᠠᠷ ᠬᠢ ᠡᠷᠡᠭᠦᠯ ᠮᠡᠨᠳᠦ ᠶᠢᠨ ᠬᠠᠮᠢᠶᠠᠷᠤᠯᠲᠠ᠂ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠤᠷ ᠲᠠᠶᠢᠪᠤᠩ ᠰᠤᠪᠢᠯᠠᠯᠲᠠ ᠵᠡᠷᠭᠡ︔ᠨᠠᠰᠤᠲᠠᠶᠢᠴᠤᠳ ᠤᠨ ᠬᠡᠷᠡᠭᠯᠡᠭᠡᠨ ᠤ ᠡᠳ᠋ ᠪᠣᠯᠣᠨ ᠦᠢᠯᠡᠳᠬᠦ ᠲᠠᠯ᠎ᠠ ᠶᠢᠨ ᠨᠠᠰᠤᠵᠢᠯᠲᠠ ᠳᠤ ᠵᠣᠬᠢᠴᠠᠬᠤ ᠦᠢᠯᠡᠳᠬᠦᠨ᠂ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠵᠡᠷᠭᠡ︔ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ ᠬᠢ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ᠂ ᠨᠠᠰᠤᠵᠢᠯᠲᠠ ᠳᠤ ᠵᠣᠬᠢᠴᠠᠬᠤ ᠣᠷᠴᠢᠨ ᠲᠣᠭᠤᠷᠢᠨ ᠬᠢᠭᠡᠳ ᠦᠢᠯᠡᠴᠢᠯᠡᠭᠡ ᠵᠡᠷᠭᠡ︔ᠨᠠᠰᠤᠵᠢᠯ ᠤᠨ ᠮᠥᠩᠭᠦᠨ ᠭᠦᠢᠯᠭᠡᠭᠡᠨ ᠤ ᠲᠠᠯ᠎ᠠ ᠪᠠᠷ ᠬᠢ ᠬᠤᠪᠢ ᠬᠥᠮᠥᠨ ᠤ ᠨᠠᠰᠤᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠵᠢᠴᠢ ᠨᠠᠰᠤᠵᠢᠯ ᠤᠨ ᠠᠵᠤ ᠦᠢᠯᠡᠰ ᠤᠨ ᠮᠥᠩᠭᠦᠨ ᠳᠡᠮᠵᠢᠯᠡᠭᠡ ᠵᠡᠷᠬᠡ ᠪᠠᠶᠢᠨ᠎ᠠ᠃      2036  — — 2050 ᠣᠨ ᠳᠤ᠂ ︽ᠳᠠᠯᠠᠭᠠᠳ ᠣᠨ ᠳᠤ ᠲᠥᠷᠥᠭᠰᠡᠨ︾ ︽ᠨᠠᠶᠠᠭᠠᠳ ᠣᠨ ᠳᠤ ᠲᠥᠷᠥᠭᠰᠡᠨ︾ ᠬᠥᠮᠥᠰ ᠤᠨ ᠥᠲᠡᠯᠦᠭᠡ ᠨᠠᠰᠤᠨ ᠳᠤ ᠣᠷᠣᠬᠤ ᠶᠢ ᠳᠠᠭᠠᠯᠳᠤᠨ᠂ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠬᠡᠷᠡᠭᠴᠡᠭᠡ ᠨᠢ ᠬᠡᠷᠡᠭᠯᠡᠭᠡᠨ ᠤ ᠵᠠᠭᠪᠤᠷ᠂ ᠬᠡᠷᠡᠭᠴᠡᠭᠡᠨ ᠤ ᠲᠠᠰ ᠳᠠᠪᠬᠤᠷᠭ᠎ᠠ᠂ ᠬᠡᠷᠡᠭᠴᠡᠭᠡᠨ ᠤ ᠠᠭᠤᠯᠭ᠎ᠠ ᠵᠡᠷᠭᠡ ᠲᠠᠯ᠎ᠠ ᠪᠠᠷ ᠬᠤᠪᠢᠷᠠᠯᠲᠠ ᠭᠠᠷᠬᠤ ᠪᠣᠯᠣᠨ᠎ᠠ᠃ᠵᠢᠱᠢᠶᠡᠯᠡᠪᠡᠯ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠵᠠᠭᠪᠤᠷ ᠨᠠᠩ ᠲᠦᠭᠡᠮᠡᠯ ᠪᠣᠯᠵᠤ᠂ ᠣᠶᠤᠨ ᠤ ᠰᠣᠶᠣᠯ᠂ ᠨᠠᠰᠤᠨ ᠲᠤᠷᠰᠢᠲᠠ ᠶᠢᠨ ᠰᠤᠷᠤᠯᠴᠠᠯᠭ᠎ᠠ᠂ ᠥᠲᠡᠯᠪᠡᠯ ᠬᠢᠬᠦ ᠶᠠᠭᠤᠮ᠎ᠠ ᠲᠠᠢ ᠪᠠᠶᠢᠬᠤ ᠨᠢ ᠨᠠᠰᠤᠲᠠᠶᠢᠴᠤᠳ ᠤᠨ ᠬᠥᠭᠡᠭᠡᠴᠡᠯᠳᠦᠬᠦ ᠴᠢᠬᠤᠯᠠ ᠠᠭᠤᠯᠭ᠎ᠠ ᠪᠣᠯᠵᠤ᠂ ᠣᠶᠤᠨᠴᠢ ᠨᠠᠰᠤᠵᠢᠯ ᠤᠨ ᠠᠰᠠᠷᠠᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠨᠠᠰᠤᠲᠠᠶᠢᠴᠤᠳ ᠢ ᠲᠤᠰᠠᠯᠠᠬᠤ ᠬᠡᠷᠡᠭᠴᠡᠭᠡ ᠲᠣᠪᠣᠶᠢᠮ᠎ᠠ ᠪᠣᠯᠵᠤ ᠪᠠᠶᠢᠨ᠎ᠠ᠃      ᠳᠤᠮᠳᠠᠳᠤ ᠤᠯᠤᠰ ᠤᠨ ᠥᠲᠡᠭᠦᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠥᠲᠡᠭᠦᠰ ᠤᠨ ᠠᠵᠤ ᠦᠢᠯᠡᠰ ᠤᠨ ᠰᠤᠳᠤᠯᠭᠠᠨ ᠤ ᠲᠠᠰᠤᠭ ᠤᠨ ᠡᠷᠬᠢᠯᠡᠭᠴᠢ ᠸᠠᠩ ᠯᠢ ᠯᠢ ᠶᠢᠨ ᠦᠵᠡᠬᠦ ᠪᠠᠷ᠂ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠥᠲᠡᠭᠦᠰ ᠤᠨ ᠠᠵᠤ ᠦᠢᠯᠡᠰ ᠲᠦᠷᠭᠡᠨ ᠬᠥᠭᠵᠢᠵᠦ᠂ ᠣᠳᠣᠬᠠᠨ ᠳᠤ ᠨᠢᠭᠡᠨᠲᠡ ᠥᠲᠡᠭᠦᠰ ᠤᠨ ᠮᠥᠩᠭᠦᠨ ᠭᠦᠢᠯᠭᠡᠭᠡᠨ ᠤ ᠠᠵᠤ ᠦᠢᠯᠡᠰ᠂ ᠥᠲᠡᠭᠦᠰ ᠤᠨ ᠦᠢᠯᠡᠳᠬᠦ ᠠᠵᠤ ᠦᠢᠯᠡᠰ᠂ ᠥᠲᠡᠭᠦᠰ ᠤᠨ ᠡᠷᠡᠭᠦᠯ ᠮᠡᠨᠳᠦ ᠶᠢᠨ ᠠᠵᠤ ᠦᠢᠯᠡᠰ᠂ ᠥᠲᠡᠭᠦᠰ ᠤᠨ ᠦᠢᠯᠡᠴᠢᠯᠡᠭᠡᠨ ᠤ ᠠᠵᠤ ᠦᠢᠯᠡᠰ᠂ ᠥᠲᠡᠭᠦᠰ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ᠂ ᠥᠲᠡᠭᠦᠰ ᠤᠨ ᠰᠣᠶᠣᠯ ᠤᠨ ᠠᠵᠤ ᠦᠢᠯᠡᠰ ᠵᠡᠷᠭᠡ ᠭᠤᠣᠯ ᠪᠣᠯᠬᠤ ᠠᠵᠤ ᠦᠢᠯᠡᠰ ᠤᠨ ᠬᠦᠷᠢᠶ᠎ᠡ ᠶᠢ ᠠᠩᠬ᠎ᠠ ᠠᠯᠬᠤᠮ ᠪᠣᠶ ᠪᠣᠯᠭᠠᠵᠤ᠂ ᠢᠷᠡᠭᠡᠳᠦᠢ ᠳᠤ ᠮᠥᠨ ᠮᠠᠰᠢ ᠶᠡᠭᠡ ᠬᠥᠭᠵᠢᠯᠲᠡ ᠶᠢᠨ ᠣᠷᠣᠨ ᠵᠠᠢ ᠲᠠᠢ ᠪᠠᠶᠢᠨ᠎ᠠ᠃     【ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠨᠢ ᠭᠦᠢᠴᠡᠳ ᠠᠵᠢᠯ ᠣᠯᠭᠤᠯᠲᠠ᠂ ᠬᠡᠷᠡᠭᠯᠡᠭᠡ ᠶᠢ ᠥᠷᠭᠡᠳᠬᠡᠬᠦ ᠪᠠ ᠪᠡᠯᠡ ᠣᠷᠣᠭᠤᠯᠤᠯᠲᠠ ᠶᠢ ᠠᠬᠢᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠬᠠᠷᠠᠭᠤᠯᠵᠤ ᠪᠠᠶᠢᠨ᠎ᠠ᠃】 ᠳᠤᠮᠳᠠᠳᠤ ᠤᠯᠤᠰ ᠤᠨ ᠥᠲᠡᠭᠦᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠳ᠋ᠠᠩ ᠵᠢᠶᠦ᠋ᠨ ᠦ᠋ ᠶᠢᠨ ᠦᠵᠡᠬᠦ ᠪᠠᠷ᠂ ᠢᠷᠡᠭᠡᠳᠦᠢ ᠳᠤ ᠥᠲᠡᠭᠦᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠰᠢᠰᠲ᠋ᠧᠮ ᠢ ᠪᠣᠶ ᠪᠣᠯᠭᠠᠬᠤ᠂ ᠥᠲᠡᠭᠦᠰ ᠤᠨ ᠦᠢᠯᠡᠳᠬᠦ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠥᠲᠡᠭᠦᠰ ᠤᠨ ᠦᠢᠯᠡᠴᠢᠯᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦᠯᠡᠵᠦ᠂ ︽ᠣᠷᠳᠣ ᠨᠠᠰᠤᠯᠠᠬᠤ ᠴᠠᠭ ᠦᠶ᠎ᠡ︾ ᠳᠤ ᠠᠵᠤ ᠠᠬᠤᠢ ᠶᠢᠨ ᠰᠢᠨ᠎ᠡ ᠲᠦᠰᠢᠭ ᠲᠤᠯᠭᠠᠭᠤᠷᠢ ᠶᠢ ᠠᠪᠴᠢᠷᠠᠵᠤ ᠥᠭᠭᠦᠨ᠎ᠡ᠃     【ᠬᠠᠷᠢᠭᠤᠴᠠᠯᠭᠠᠲᠤ ᠨᠠᠶᠢᠷᠠᠭᠤᠯᠤᠭᠴᠢ᠄ ᠯᠢᠦ ᠢᠩ】
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号