ᠳᠤᠯᠠᠭᠠᠨ ᠪᠦᠯᠢᠶᠡᠨ ᠡᠪᠦᠯ ᠤᠨ ᠡᠳᠦᠷ ᠲᠤ ᠡᠮᠴᠢᠯᠡᠬᠦ ᠲᠠᠭᠤᠨ ᠨᠢ ᠡᠷᠡᠭᠦᠯ ᠮᠡᠨᠳᠦ ᠳᠤ ᠬᠠᠪᠰᠤᠷᠤᠨ᠎ᠠ
ᠨᠡᠶᠢᠲᠡᠯᠡᠭᠰᠡᠨ ᠴᠠᠭ᠄
2024/1/11
    ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ      ᠦᠨᠳᠦᠰᠦᠨ ᠱᠠᠲᠤᠨ ᠳᠤ ᠭᠦᠨᠵᠡᠭᠡᠶᠢᠷᠡᠵᠦ ︽ᠡᠷᠡᠭᠦᠯ ᠮᠡᠨᠳᠦ ᠪᠠ ᠬᠠᠶᠢᠷ᠎ᠠ ᠬᠠᠯᠠᠮᠵᠢ ᠬᠦᠷᠭᠡᠬᠦ︾ ᠲᠠᠶᠢᠯᠤᠮᠵᠢ ᠶᠢᠨ ᠠᠵᠢᠯᠯᠠᠭ᠎ᠠ ᠶᠢ ᠥᠷᠨᠢᠭᠦᠯᠦᠨ᠎ᠡ      ᠰᠢᠨ᠎ᠡ ᠵᠢᠯ ᠤᠨ ᠡᠬᠢᠨ ᠳᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠠᠩᠬᠠᠷᠬᠤ ᠶᠢᠨ ᠲᠥᠯᠥᠭᠡ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠸᠧᠨ ᠸᠧᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ ᠯᠢᠦ ᡁᠢ ᠢ ᠡᠮᠴᠢ ᠶᠢ ᠤᠷᠢᠵᠤ ᠂ ᠪᠠᠶᠠᠨᠴᠠᠭᠠᠨ ᠪᠠᠯᠭᠠᠰᠤᠨ ᠤ ᠢ ᠮᠢᠨ ᠨᠡᠶᠢᠭᠡᠮ ᠲᠣᠭᠤᠷᠢᠭ᠂ ᠶᠢᠩ ᠪᠢᠨ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠥᠷᠨᠢᠭᠦᠯᠪᠡ᠃      ᠤᠳᠠᠭ᠎ᠠ ᠪᠦᠷᠢ ᠶᠢᠨ ᠲᠠᠶᠢᠯᠤᠮᠵᠢ ᠠᠴᠠ ᠡᠮᠦᠨ᠎ᠡ ᠯᠢᠦ ᡁᠢ ᠢ ᠡᠮᠴᠢ ᠪᠦᠷ ᠳᠥᠭᠦᠮᠬᠡᠨ ᠠᠰᠠᠭᠤᠯᠲᠠ ᠠᠰᠠᠭᠤᠬᠤ ᠠᠷᠭ᠎ᠠ ᠪᠠᠷ ᠰᠠᠭᠤᠭᠠᠯᠢ ᠠᠷᠠᠳ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠤᠭᠠᠳ ᠣᠯᠣᠭᠰᠠᠨ ᠦᠷ᠎ᠡ ᠪᠦᠲᠦᠭᠡᠯ ᠪᠦᠬᠦᠨ ᠢ ᠨᠠᠷᠢᠨ ᠲᠣᠭᠠᠴᠢᠬᠤ ᠶᠢᠨ ᠬᠠᠮᠲᠤ ᠤᠯᠠᠨ ᠢᠶᠠᠷ ᠢᠶᠠᠨ ᠡᠩ ᠤᠨ ᠦᠶ᠎ᠡ ᠳᠤ ᠰᠣᠨᠢᠨ ᠮᠡᠳᠡᠭᠡ ᠷᠠᠳᠢᠣ᠋ ᠨᠡᠪᠲᠡᠷᠡᠭᠦᠯᠭᠡ ᠶᠢᠨ ᠰᠤᠷᠤᠯᠴᠠᠯᠭ᠎ᠠ ᠳᠤ ᠮᠠᠰᠢ ᠰᠠᠶᠢᠨ ᠪᠠᠶᠢᠨ᠎ᠠ ᠭᠡᠵᠦ ᠮᠠᠭᠲᠠᠳᠠᠭ᠃ ᠡᠭᠦᠨ ᠤ ᠵᠡᠷᠭᠡ ᠳᠤ ᠡᠨᠡᠬᠦ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠡᠷᠡᠭᠦᠯ ᠮᠡᠨᠳᠦ ᠶᠢᠨ ᠲᠤᠬᠠᠢ ᠮᠡᠳᠡᠯᠭᠡ ᠶᠢᠨ ᠲᠠᠶᠢᠯᠤᠮᠵᠢ ᠬᠢᠵᠦ᠂ ᠲᠠᠶᠢᠯᠤᠮᠵᠢ ᠶᠢᠨ ᠠᠭᠤᠯᠭ᠎ᠠ ᠨᠢ ᠭᠤᠣᠯᠳᠠᠭᠤ ᠨᠠᠰᠤᠲᠠᠶᠢᠴᠤᠳ ᠤᠨ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ  ᠲᠠᠢ ᠪᠣᠯᠬᠤ  ᠶᠢ ᠰᠠᠨᠠᠭᠠᠴᠢᠯᠠᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠪᠠ ᠤᠳᠠᠭᠠᠨ ᠴᠢᠨᠠᠷᠲᠠᠢ ᠲᠦᠭᠵᠢᠷᠡᠯ ᠤᠨ ᠴᠢᠨᠠᠷᠲᠠᠢ ᠠᠭᠤᠰᠬᠢᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠨᠠᠰᠤᠲᠠᠶᠢᠴᠤᠳ ᠤᠨ ᠢᠳᠡᠵᠦ ᠤᠤᠭᠤᠬᠤ ᠤᠨᠲᠠᠵᠤ ᠠᠮᠠᠷᠠᠬᠤ᠂ ᠠᠮᠢᠳᠤᠷᠠᠯ ᠤᠨ ᠣᠷᠴᠢᠨ ᠲᠣᠭᠤᠷᠢᠨ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠲᠠᠯ᠎ᠠ ᠪᠠᠷ ᠨᠢᠭᠡ ᠨᠢᠭᠡ ᠪᠠᠷ ᠨᠡᠯᠢᠶᠡᠳ ᠨᠠᠷᠢᠨ ᠲᠣᠳᠣᠷᠬᠠᠢ ᠣᠶᠢᠯᠠᠭᠠᠵᠤ᠂ ᠣᠨᠴᠠᠭᠠᠶᠢᠯᠠᠨ ᠨᠢᠭᠡᠨᠲᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠨᠠᠰᠤᠲᠠᠶᠢᠴᠤᠳ ᠤᠨ ᠢᠳᠡᠭᠡᠨ ᠤᠮᠳᠠᠭᠠᠨ ᠤ ᠳᠠᠳᠬᠠᠯ ᠵᠢᠴᠢ ᠡᠮ ᠬᠡᠷᠡᠭᠯᠡᠵᠦ ᠪᠠᠶᠢᠭ᠎ᠠ ᠪᠠᠶᠢᠳᠠᠯ ᠳᠤ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠥᠭᠡᠳ ᠪᠠᠰᠠ ᠬᠡᠰᠡᠭ ᠡᠪᠡᠳᠴᠢᠲᠡᠨ ᠤ ᠠᠰᠠᠭᠤᠯᠲᠠ ᠶᠢ ᠬᠠᠷᠢᠭᠤᠯᠵᠠᠢ᠃
      ᠵᠢᠷᠤᠭ 1᠄ ᠪᠠᠶᠠᠨᠴᠠᠭᠠᠨ ᠪᠠᠯᠭᠠᠰᠤᠨ ᠤ ᠶᠢᠩ ᠪᠢᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠲᠠᠶᠢᠯᠤᠮᠵᠢ ᠶᠢᠨ ᠲᠤᠬᠠᠢ ᠶᠢᠨ ᠲᠠᠯᠠᠪᠠᠢ       ᠪᠦᠬᠦ᠋ᠢᠯᠡ ᠠᠵᠢᠯᠯᠠᠭ᠎ᠠ ᠶᠢᠨ ᠶᠠᠪᠤᠴᠠ ᠳᠤ ᠨᠠᠰᠤᠲᠠᠶᠢᠴᠤᠳ ᠴᠥᠮ ᠮᠠᠰᠢ ᠪᠠᠶᠠᠷᠯᠠᠵᠤ᠂ ᠡᠶᠢᠮᠦᠷᠬᠦᠦ ᠠᠵᠢᠯᠯᠠᠭ᠎ᠠ ᠨᠢ ᠲᠡᠳᠡᠨ ᠳᠤ ᠪᠣᠳᠠᠲᠤ ᠬᠡᠷᠡᠭᠯᠡᠭᠡᠨ ᠤ ᠮᠡᠳᠡᠯᠭᠡ ᠶᠢ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠰᠡᠳᠬᠢᠯ ᠵᠢᠷᠦᠬᠡᠨ ᠳᠤ ᠲᠤᠶᠢᠯ ᠤᠨ ᠵᠣᠯ ᠵᠢᠷᠭᠠᠯ ᠲᠠᠢ᠂ ᠲᠤᠶᠢᠯ ᠤᠨ ᠬᠠᠯᠠᠭᠤᠨ ᠳᠤᠯᠠᠭᠠᠨ ᠰᠠᠨᠠᠭᠳᠠᠭᠤᠯᠤᠨ᠎ᠠ ᠭᠡᠵᠦ ᠢᠯᠡᠳᠬᠡᠵᠡᠭᠡᠪᠡ᠃
     ᠵᠢᠷᠤᠭ 2᠄ ᠪᠠᠶᠠᠨᠴᠠᠭᠠᠨ ᠪᠠᠯᠭᠠᠰᠤᠨ ᠤ ᠢ ᠮᠢᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠲᠠᠶᠢᠯᠤᠮᠵᠢ ᠶᠢᠨ ᠲᠤᠬᠠᠢ ᠶᠢᠨ ᠲᠠᠯᠠᠪᠠᠢ                                           ᠤᠷᠴᠢᠭᠤᠯᠤᠭᠴᠢ᠄ ᠰᠤᠷᠤᠨ᠎ᠠ                                         ᠬᠢᠨᠠᠭᠴᠢ᠄ ᠡᠷᠳᠡᠨᠢᠴᠢᠮᠡᠭ
 
ᠢᠷᠡᠯᠲᠡ᠄ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号