ᠰᠤᠷᠪᠤᠯᠵᠢᠯᠠᠭᠴᠢ ᠶᠢᠨ 1 ᠰᠠᠷ᠎ᠠ ᠶᠢᠨ 2 ᠤᠨ ᠡᠳᠦᠷ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠮᠡᠳᠡᠭᠡ | ᠵᠠᠩᠭᠢ ᠴᠢᠮᠡᠭᠡ ᠬᠤᠯᠪᠣᠭ᠎ᠠ ᠶᠢᠨ ᠰᠤᠳᠤᠯᠭᠠᠨ ᠤ ᠬᠦᠷᠢᠶᠡᠯᠡᠩ ᠤᠨ ᠡᠭᠦᠯᠡᠨ ᠪᠣᠳᠣᠯᠲᠠ ᠬᠢᠭᠡᠳ ᠲᠣᠮᠣ ᠳ᠋ᠠᠶᠢᠲ᠋ᠠ ᠶᠢᠨ | ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠣᠶᠤᠨᠲᠤ ᠪᠤᠳᠤᠬᠤ ᠴᠢᠳᠠᠪᠤᠷᠢ ᠶᠢᠨ ᠠᠵᠤ ᠦᠢᠯᠡᠰ ᠤᠨ | ᠬᠤᠯᠪᠣᠭ᠎ᠠ᠂ ᠵᠣᠬᠢᠶᠠᠮᠠᠯ ᠣᠶᠤᠨᠲᠤ ᠪᠤᠳᠤᠬᠤ ᠴᠢᠳᠠᠪᠤᠷᠢ ᠶᠢᠨ ᠠᠵᠤ ᠦᠢᠯᠡᠰ ᠤᠨ ᠠᠮᠢ ᠠᠬᠤᠢ ᠶᠢᠨ ᠬᠤᠯᠪᠣᠭ᠎ᠠ | ᠵᠡᠷᠭᠡ ᠪᠠᠶᠢᠭᠤᠯᠤᠮᠵᠢ ᠣᠶᠢᠷ᠎ᠠ ᠳᠤ ᠬᠠᠮᠲᠤᠷᠠᠨ ︽ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨᠲᠤ ᠴᠢᠳᠠᠪᠤᠷᠢ ᠶᠢᠨ | ᠰᠠᠭᠤᠷᠢ ᠲᠥᠬᠦᠭᠡᠷᠦᠮᠵᠢ ᠶᠢᠨ ᠴᠠᠭᠠᠨ ᠭᠠᠳᠠᠷᠲᠤ ᠪᠢᠴᠢᠭ︾ ︵ᠳᠣᠷᠣᠭᠰᠢ ︽ᠴᠠᠭᠠᠨ ᠭᠠᠳᠠᠷᠲᠤ ᠪᠢᠴᠢᠭ︾ ᠭᠡᠵᠦ | ᠲᠣᠪᠴᠢᠯᠠᠨ᠎ᠠ︶ ᠢ ᠨᠡᠶᠢᠲᠡᠯᠡᠪᠡ᠃ ︽ᠴᠠᠭᠠᠨ ᠭᠠᠳᠠᠷᠲᠤ ᠪᠢᠴᠢᠭ︾ ᠲᠤ ︽ᠰᠢᠨ᠎ᠡ ᠨᠢᠭᠡ ᠦᠶ᠎ᠡ ᠶᠢᠨ AI ︵ᠬᠢᠮᠡᠯ | ᠣᠶᠤᠨ ᠤ︶ ᠰᠠᠭᠤᠷᠢ ᠲᠥᠬᠦᠭᠡᠷᠦᠮᠵᠢ︾ ᠶᠢᠨ ᠲᠣᠮᠢᠶᠠᠯᠠᠯ᠂ ᠣᠨᠴᠠᠯᠢᠭ ᠪᠠ ᠦᠨ᠎ᠡ ᠥᠷᠲᠡᠭ ᠢ | ᠲᠣᠳᠣᠷᠬᠠᠶᠢᠯᠠᠭᠰᠠᠨ ᠪᠥᠭᠡᠳ ︽ᠰᠢᠨ᠎ᠡ ᠨᠢᠭᠡ ᠦᠶ᠎ᠡ ᠶᠢᠨ AI ᠰᠠᠭᠤᠷᠢ ᠲᠥᠬᠦᠭᠡᠷᠦᠮᠵᠢ ᠶᠢ ᠦᠨᠡᠯᠡᠨ ᠵᠢᠱᠢᠬᠦ | ᠰᠢᠰᠲ᠋ᠧᠮ︾ ᠢ ᠠᠩᠬ᠎ᠠ ᠤᠳᠠᠭ᠎ᠠ ᠳᠤᠷᠠᠳᠤᠭᠰᠠᠨ ᠪᠠᠶᠢᠨ᠎ᠠ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠥᠩᠭᠡᠷᠡᠭᠰᠡᠨ 4 ᠵᠢᠯ ᠳᠤ᠂ ᠲᠣᠮᠣ ᠵᠠᠭᠪᠤᠷ ᠤᠨ | ᠫᠠᠷᠠᠮᠧᠲᠷ ᠤᠨ ᠬᠡᠮᠵᠢᠶ᠎ᠡ ᠨᠢ ᠵᠢᠯ ᠳᠤᠮᠳᠠᠴᠢ ᠪᠠᠷ 400% ᠪᠠᠷ ᠨᠡᠶᠢᠯᠡᠭᠡᠳ ᠨᠡᠮᠡᠭᠳᠡᠵᠦ᠂ AI ᠶᠢᠨ ᠪᠤᠳᠤᠬᠤ | ᠬᠦᠴᠦᠨ ᠤ ᠬᠡᠷᠡᠭᠴᠡᠭᠡ ᠶᠢᠨ ᠨᠡᠮᠡᠭᠳᠡᠯ ᠨᠢ 15 ᠲᠦᠮᠡᠨ ᠳᠠᠬᠢᠨ ᠢ ᠳᠠᠪᠠᠵᠠᠢ᠃ CPU︵ᠲᠥᠪ ᠤᠨ | ᠰᠢᠢᠳᠪᠦᠷᠢᠯᠡᠭᠦᠷ︶ ᠢᠶᠠᠷ ᠭᠤᠣᠯ ᠪᠣᠯᠭᠠᠭᠰᠠᠨ ᠤᠯᠠᠮᠵᠢᠯᠠᠯᠲᠤ ᠪᠣᠳᠣᠯᠭ᠎ᠠ ᠶᠢᠨ ᠰᠠᠭᠤᠷᠢ ᠲᠥᠬᠦᠭᠡᠷᠦᠮᠵᠢ ᠨᠢ ᠲᠣᠮᠣ | ᠵᠠᠭᠪᠤᠷ᠂ ᠡᠭᠦᠰᠦᠮᠡᠯ AI ᠶᠢᠨ ᠰᠢᠨ᠎ᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠵᠠᠢ᠃ | ︽ᠴᠠᠭᠠᠨ ᠭᠠᠳᠠᠷᠲᠤ ᠪᠢᠴᠢᠭ︾ ᠳᠤ ᠰᠢᠨ᠎ᠡ ᠨᠢᠭᠡ ᠦᠶ᠎ᠡ ᠶᠢᠨ AI ᠰᠠᠭᠤᠷᠢ ᠲᠥᠬᠦᠭᠡᠷᠦᠮᠵᠢ ᠶᠢᠨ | ᠲᠣᠮᠢᠶᠠᠯᠠᠯ ᠢ ᠲᠣᠳᠣᠷᠬᠠᠶᠢᠯᠠᠪᠠ᠄ ᠲᠣᠮᠣ ᠵᠠᠭᠪᠤᠷ ᠤᠨ ᠴᠢᠳᠠᠪᠤᠷᠢ ᠶᠢ ᠭᠠᠳᠠᠭᠰᠢ ᠭᠠᠷᠭᠠᠬᠤ ᠪᠠᠷ ᠭᠤᠣᠯ ᠲᠠᠪᠴᠠᠩ | ᠪᠣᠯᠭᠠᠵᠤ᠂ ᠪᠤᠳᠤᠬᠤ ᠬᠦᠴᠦᠨ ᠤ ᠡᠬᠢ ᠪᠠᠶᠠᠯᠢᠭ᠂ ᠲᠤᠭ᠎ᠠ ᠪᠠᠷᠢᠮᠲᠠ ᠶᠢᠨ ᠦᠢᠯᠡᠴᠢᠯᠡᠭᠡ ᠪᠠ ᠡᠭᠦᠯᠡᠨ | ᠦᠢᠯᠡᠴᠢᠯᠡᠭᠡ ᠶᠢ ᠬᠤᠷᠠᠮᠳᠤᠭᠤᠯᠤᠨ᠂ ᠲᠤᠰᠬᠠᠶᠢᠯᠠᠨ ᠲᠣᠮᠣ ᠵᠠᠭᠪᠤᠷ ᠪᠠ ᠡᠭᠦᠰᠬᠡᠬᠦ ᠬᠡᠯᠪᠡᠷᠢ ᠶᠢᠨ AI ᠶᠢᠨ | ᠬᠡᠷᠡᠭᠯᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠳᠤ ᠬᠡᠷᠡᠭᠯᠡᠨ᠎ᠡ᠃ | ︽ᠴᠠᠭᠠᠨ ᠭᠠᠳᠠᠷᠲᠤ ᠪᠢᠴᠢᠭ︾ ᠲᠤ ︽ᠰᠢᠨ᠎ᠡ ᠨᠢᠭᠡ ᠦᠶ᠎ᠡ ᠶᠢᠨ AI ᠰᠠᠭᠤᠷᠢ ᠲᠥᠬᠦᠭᠡᠷᠦᠮᠵᠢ ᠶᠢᠨ ᠦᠨᠡᠯᠡᠨ | ᠵᠢᠱᠢᠬᠦ ᠰᠢᠰᠲ᠋ᠧᠮ︾ ᠢ ᠠᠩᠬ᠎ᠠ ᠤᠳᠠᠭ᠎ᠠ ᠳᠤᠷᠠᠳᠤᠨ ᠭᠠᠷᠭᠠᠵᠠᠢ᠂ ᠲᠤᠬᠠᠶᠢᠯᠠᠪᠠᠯ ᠦᠢᠯᠡᠳᠬᠦᠨ ᠤ ᠮᠡᠷᠭᠡᠵᠢᠯ᠂ | ᠪᠠᠶᠢᠯᠳᠤᠬᠤ ᠪᠣᠳᠣᠯᠭ᠎ᠠ ᠶᠢᠨ ᠠᠯᠤᠰ ᠤᠨ ᠲᠥᠯᠥᠪ᠂ ᠵᠠᠬ᠎ᠠ ᠳᠡᠯᠭᠡᠭᠦᠷ ᠤᠨ ᠠᠮᠢ ᠠᠬᠤᠢ ᠵᠡᠷᠭᠡ ᠭᠤᠷᠪᠠᠨ ᠶᠡᠭᠡ | ᠬᠡᠮᠵᠢᠶ᠎ᠡ ᠪᠠᠷ ᠳᠠᠮᠵᠢᠭᠤᠯᠤᠨ ᠨᠡᠶᠢᠳᠡ 12 ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠲᠣᠭᠲᠠᠭᠠᠵᠤ᠂ AI ᠰᠠᠭᠤᠷᠢ | ᠲᠥᠬᠦᠭᠡᠷᠦᠮᠵᠢ ᠶᠢᠨ ᠦᠢᠯᠡᠳᠪᠦᠷᠢ ᠬᠤᠳᠠᠯᠳᠤᠭᠠᠴᠢᠨ ᠤ ᠶᠡᠷᠦᠩᠬᠡᠶᠢᠯᠡᠭᠰᠡᠨ ᠴᠢᠳᠠᠪᠤᠷᠢ ᠳᠤ ᠴᠢᠨᠠᠷ ᠢ ᠲᠣᠭᠲᠠᠭᠠᠬᠤ | ᠪᠠ ᠬᠡᠮᠵᠢᠶ᠎ᠡ ᠶᠢ ᠲᠣᠭᠲᠠᠭᠠᠬᠤ ᠪᠦᠬᠦ ᠲᠠᠯ᠎ᠠ ᠶᠢᠨ ᠦᠨᠡᠯᠡᠨ ᠵᠢᠱᠢᠯᠲᠡ ᠬᠢᠨ᠎ᠡ᠃ | ︽ᠴᠠᠭᠠᠨ ᠭᠠᠳᠠᠷᠲᠤ ᠪᠢᠴᠢᠭ︾ ᠳᠤ ᠪᠠᠰᠠ᠂ ᠰᠢᠨ᠎ᠡ ᠨᠢᠭᠡ ᠦᠶ᠎ᠡ ᠶᠢᠨ AI ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠨᠢ ᠲᠣᠮᠣ ᠵᠠᠭᠪᠤᠷ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠪᠠᠷᠢᠮᠵᠢᠶ᠎ᠠ ᠶᠢ | ᠳᠣᠷᠣᠭᠰᠢᠯᠠᠭᠤᠯᠵᠤ᠂ ᠵᠠᠰᠠᠭ ᠠᠵᠤ ᠠᠬᠤᠶᠢᠯᠠᠯ ᠤᠨ ᠦᠢᠯᠡᠴᠢᠯᠡᠭᠡ᠂ ᠠᠵᠤ ᠦᠢᠯᠡᠰ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠨᠠᠩ ᠶᠡᠭᠡ ᠨᠡᠶᠢᠭᠡᠮ ᠤᠨ ᠦᠨ᠎ᠡ ᠥᠷᠲᠡᠭ ᠢ ᠡᠭᠦᠳᠬᠦ | ᠪᠣᠯᠣᠨ᠎ᠠ ᠭᠡᠵᠦ ᠳᠤᠷᠠᠳᠤᠭᠰᠠᠨ ᠪᠠᠶᠢᠨ᠎ᠠ᠃ ︵ᠰᠤᠷᠪᠤᠯᠵᠢᠯᠠᠭᠴᠢ᠄ ᠯᠦᠸᠧ ᠶᠦᠨ ᠫᠧᠩ︶ | | ︽ᠬᠠᠷᠢᠭᠤᠴᠠᠯᠭᠠᠲᠤ ᠨᠠᠶᠢᠷᠠᠭᠤᠯᠤᠭᠴᠢ᠄ ᠵᠤᠤ ᠵᠢᠶᠠ ᠴᠢ︾ | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | |