︽2024 ᠣᠨ ᠳᠤ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠤᠯᠤᠰ ᠤᠨ | ᠬᠥᠭᠵᠢᠯᠲᠡ ᠪᠠ ᠪᠥᠬᠦ ᠪᠥᠮᠪᠥᠷᠴᠡᠭ ᠲᠠᠬᠢ ᠪᠠᠶᠢᠷᠢ ᠰᠠᠭᠤᠷᠢ ᠤᠯᠠᠮ ᠨᠢᠭᠡ ᠠᠯᠬᠤᠮ ᠳᠡᠭᠡᠭᠰᠢᠯᠡᠬᠦ ᠪᠣᠯᠣᠨ᠎ᠠ︾᠃ | ᠲᠦᠷᠦᠭᠦᠬᠡᠨ ᠬᠤᠷᠠᠯᠳᠤᠭᠰᠠᠨ ᠳᠤᠮᠳᠠᠳᠤ ᠤᠯᠤᠰ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠵᠠᠭᠤᠨ | ᠬᠥᠮᠥᠨ ᠤ ᠨᠡᠶᠢᠭᠡᠮᠯᠢᠭ ᠤᠨ ᠶᠠᠷᠢᠶᠠᠨ ᠤ ᠲᠠᠪᠴᠠᠩ︵2024︶ ᠤᠨ ᠵᠠᠭᠤᠴᠢᠯᠠᠭᠤᠷ ᠤᠨ ᠨᠡᠪᠲᠡᠷᠡᠯᠴᠡᠬᠦ ᠬᠤᠷᠠᠯ | ᠳᠡᠭᠡᠷ᠎ᠡ᠂ ᠳᠤᠮᠳᠠᠳᠤ ᠤᠯᠤᠰ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠵᠠᠭᠤᠨ ᠬᠥᠮᠥᠨ ᠤ ᠨᠡᠶᠢᠭᠡᠮᠯᠢᠭ ᠤᠨ | ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠵᠠᠩ ᠶᠦᠩ ᠸᠧᠢ ᠳᠤᠮᠳᠠᠳᠤ | ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠣᠨᠴᠠᠯᠢᠭ ᠢ ᠬᠤᠪᠢᠶᠠᠯᠴᠠᠪᠠ᠃ | ︽ᠵᠢᠱᠢᠯᠲᠡ ᠪᠠᠷ 2024 ᠣᠨ ᠳᠤ᠂ ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠪᠣᠷᠤᠯᠠᠭᠤᠯᠭ᠎ᠠ ᠶᠢᠨ ᠬᠡᠮᠵᠢᠶ᠎ᠡ 2000 ᠲᠦᠮᠡ ᠶᠢ ᠳᠠᠪᠠᠵᠤ᠂ ᠳᠤᠮᠳᠠᠳᠤ ᠤᠯᠤᠰ ᠪᠦᠬᠦ ᠪᠥᠮᠪᠥᠷᠴᠡᠭ ᠤᠨ | ᠪᠣᠷᠤᠯᠠᠭᠤᠯᠭ᠎ᠠ ᠶᠢᠨ ᠬᠡᠮᠵᠢᠶ᠎ᠡ ᠶᠢᠨ 60% ᠢ ᠡᠵᠡᠯᠡᠬᠦ ᠪᠣᠯᠣᠨ᠎ᠠ︾᠃ ᠵᠠᠩ ᠶᠦᠩ ᠸᠧᠢ᠂ ᠳᠤᠮᠳᠠᠳᠤ ᠤᠯᠤᠰ | ᠴᠢᠨᠠᠭᠰᠢᠳᠠ ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ︽ᠰᠠᠯᠬᠢᠨ ᠤ | ᠵᠦᠭᠯᠡᠭᠦᠷ︾ ᠪᠣᠯᠪᠠ᠃ ᠮᠠᠨ ᠤ ᠤᠯᠤᠰ ᠤᠨ ᠳ᠋ᠢᠶᠠᠨ ᡂᠢ᠂ ᠴᠠᠬᠢᠯᠭᠠᠨ ᠮᠠᠰᠢᠨ᠂ ᠣᠶᠤᠨᠲᠤ ᠰᠠᠭᠤᠳᠠᠯ ᠤᠨ ᠥᠷᠥᠭᠡ | ᠵᠡᠷᠭᠡ ᠵᠠᠩᠭᠢᠯᠠᠭ᠎ᠠ ᠶᠢᠨ ᠮᠡᠷᠭᠡᠵᠢᠯ ᠪᠠ ᠦᠢᠯᠡᠳᠪᠦᠷᠢᠯᠡᠯ ᠤᠨ ᠬᠢᠷᠢ ᠲᠦᠪᠰᠢᠨ ᠪᠥᠬᠦ ᠳᠡᠯᠡᠬᠡᠢ ᠳᠤ ᠲᠡᠷᠢᠭᠦᠯᠡᠵᠦ᠂ | ᠴᠡᠪᠡᠷ ᠴᠠᠬᠢᠯᠭᠠᠨ ᠬᠥᠳᠡᠯᠭᠡᠭᠦᠷᠲᠦ ᠰᠠᠭᠤᠳᠠᠯ ᠤᠨ ᠮᠠᠰᠢᠨ ᠤ ᠦᠷᠭᠦᠯᠵᠢᠯᠡᠨ ᠠᠶᠠᠯᠠᠬᠤ ᠳᠤᠮᠳᠠᠴᠢ ᠣᠷᠳᠣ ᠨᠢ 460 | ᠺᠢᠯᠣᠮᠧᠲᠷ ᠢ ᠳᠠᠪᠠᠵᠤ᠂ ᠠᠯᠢ ᠣᠯᠠᠨ ᠰᠢᠨ᠎ᠡ ᠮᠡᠷᠭᠡᠵᠢᠯ ᠮᠠᠨ ᠤ ᠤᠯᠤᠰ ᠲᠤ ᠢᠯᠡᠷᠡᠭᠰᠡᠨ ᠪᠥᠭᠡᠳ | ᠪᠣᠳᠠᠲᠠᠶᠢᠵᠢᠭᠰᠠᠨ ᠪᠠᠶᠢᠨ᠎ᠠ᠃ | | ᠵᠢᠶᠠᠩᠰᠤ ᠮᠤᠵᠢ ᠶᠢᠨ ᠲᠠᠢ ᠼᠠᠩ ᠭᠠᠷᠠᠮ ᠤᠨ ᠣᠯᠠᠨ ᠤᠯᠤᠰ ᠤᠨ ᠴᠢᠩᠭᠡᠯᠢᠭ ᠤᠨ ᠭᠠᠷᠠᠮ ᠳᠤ᠂ ᠨᠢᠭᠡ | ᠪᠦᠯᠦᠭ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠤᠰᠬᠠᠢ ᠪᠣᠷᠣ ᠲᠥᠯᠥᠪ ᠤᠨ ᠲᠡᠭᠡᠭᠡᠪᠦᠷᠢ ᠶᠢᠨ ᠬᠡᠯᠪᠡᠷᠢ ᠪᠠᠷ | ᠭᠠᠳᠠᠭᠰᠢ ᠭᠠᠷᠭᠠᠬᠤ ᠪᠠᠷ ᠪᠠᠶᠢᠨ᠎ᠠ᠃ ︵ᠵᠢᠢ ᠬᠠᠢ ᠰᠢᠨ ᠰᠡᠭᠦᠳᠡᠷᠯᠡᠪᠡ︶ | ᠡᠭᠦᠨ ᠤ ᠬᠠᠮᠲᠤ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠠᠬᠤᠶᠢᠯᠠᠯ | ᠴᠢᠬᠤᠯᠠ ᠵᠠᠬ᠎ᠠ ᠳᠡᠯᠭᠡᠭᠦᠷ ᠤᠨ ᠪᠠᠶᠢᠷᠢ ᠰᠠᠭᠤᠷᠢ ᠶᠢ ᠡᠵᠡᠯᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠡᠯᠬᠢᠶ᠎ᠡ ᠶᠢᠨ ᠪᠠᠶᠢᠷᠢ ᠰᠠᠭᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠳᠤᠮᠳᠠᠳᠤ ᠤᠯᠤᠰ | ᠲᠦᠷᠭᠡᠨ ᠢᠶᠠᠷ ᠪᠦᠬᠦ ᠪᠥᠮᠪᠥᠷᠴᠡᠭ ᠤᠨ ᠮᠠᠰᠢᠨ ᠲᠡᠷᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠤᠰᠬᠠᠢ ᠮᠡᠷᠭᠡᠵᠢᠯᠲᠡᠨ ᠤ | ᠵᠢᠱᠢᠯᠲᠡ ᠪᠠᠷ᠂ 2024 ᠣᠨ ᠳᠤ᠂ ᠳᠤᠮᠳᠠᠳᠤ ᠤᠯᠤᠰ ᠤᠨ ᠬᠥᠳᠡᠯᠭᠡᠬᠦ ᠬᠦᠴᠦᠨ ᠤ ᠳ᠋ᠢᠶᠠᠨ ᡂᠢ ᠵᠢᠴᠢ | ᠮᠠᠲ᠋ᠧᠷᠢᠶᠠᠯ ᠤᠨ ᠪᠠᠷᠠᠭ᠎ᠠ ᠭᠠᠷᠭᠠᠬᠤ ᠬᠡᠮᠵᠢᠶ᠎ᠡ ᠮᠦᠨ ᠪᠦᠬᠦ ᠪᠥᠮᠪᠥᠷᠴᠡᠭ ᠤᠨ 50% ᠠᠴᠠ ᠳᠡᠭᠡᠭᠰᠢᠬᠢ ᠶᠢ ᠡᠵᠡᠯᠡᠬᠦ | ᠪᠥᠭᠡᠳ ᠪᠦᠬᠦ ᠪᠥᠮᠪᠥᠷᠴᠡᠭ ᠤᠨ ᠬᠠᠮᠲᠤᠷᠠᠯᠴᠠᠭ᠎ᠠ ᠪᠣᠯᠣᠨ ᠭᠠᠳᠠᠭᠠᠳᠤ ᠳᠠᠬᠢ ᠦᠢᠯᠡᠳᠪᠦᠷᠢᠯᠡᠯ ᠤᠨ ᠴᠢᠳᠠᠪᠤᠷᠢ ᠶᠢᠨ | ᠪᠠᠶᠢᠷᠢᠰᠢᠭᠤᠯᠤᠯᠲᠠ ᠪᠠᠷ ᠳᠠᠮᠵᠢᠨ ᠲᠦᠷᠭᠡᠨ ᠢᠶᠠᠷ ᠨᠠᠶᠢᠳᠠᠪᠤᠷᠢᠵᠢᠭᠤᠯᠤᠭᠳᠠᠬᠤ ᠪᠣᠯᠣᠨ᠎ᠠ᠃ | ᠵᠠᠩ ᠶᠦᠩ ᠸᠧᠢ ᠶᠢᠨ ᠦᠵᠡᠬᠦ ᠪᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠠᠵᠤ ᠠᠬᠤᠢ ᠪᠠ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ︽ᠰᠢᠨ᠎ᠡ ᠬᠥᠳᠡᠯᠭᠡᠭᠦᠷ︾ ᠪᠣᠯᠤᠭᠰᠠᠨ ᠪᠠᠶᠢᠨ᠎ᠠ᠃ | 2023 ᠣᠨ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠮᠡᠭᠳᠡᠯ ᠤᠨ ᠬᠠᠨᠳᠤᠰᠢ | ᠦᠷᠭᠦᠯᠵᠢᠯᠡᠵᠦ᠂ ᠮᠢᠩᠭᠠᠨ ᠲᠦᠮᠡᠨ ᠲᠠᠰ ᠤᠨ ᠴᠠᠭ ᠦᠶ᠎ᠡ ᠳᠤ ᠠᠯᠬᠤᠮ ᠠᠯᠬᠤᠮ ᠢᠶᠠᠷ ᠣᠷᠣᠵᠤ᠂ ᠠᠵᠤ | ᠦᠢᠯᠡᠰ ᠤᠨ ᠬᠥᠭᠵᠢᠯᠲᠡ ᠨᠢ ᠰᠠᠭᠤᠷᠢ ᠲᠥᠬᠦᠭᠡᠷᠦᠮᠵᠢ᠂ ᠮᠠᠰᠢᠨ ᠲᠡᠷᠭᠡᠨ ᠤ ᠰᠡᠯᠪᠢᠭ ᠲᠣᠨᠤᠭ᠂ ᠣᠶᠤᠨᠴᠢ | ᠦᠢᠯᠡᠳᠬᠦ ᠵᠡᠷᠭᠡ ᠬᠦᠷᠢᠶᠡᠨ ᠳᠠᠬᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢ ᠦᠷᠭᠦᠯᠵᠢᠯᠡᠨ ᠳᠠᠶᠢᠴᠢᠯᠠᠬᠤ | ᠪᠣᠯᠣᠨ᠎ᠠ᠃ | ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠬᠢᠷᠲᠤᠯ ᠦᠭᠡᠢ ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ | ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠤᠯᠠᠨ ᠵᠦᠢᠯ ᠤᠨ ᠬᠤᠪᠢᠰᠤᠯᠲᠠ ᠶᠢᠨ ᠮᠡᠷᠭᠡᠵᠢᠯ ᠢ ᠠᠭᠤᠰᠤᠯᠴᠠᠭᠤᠯᠵᠤ᠂ | ᠰᠢᠨ᠎ᠡ ᠮᠡᠷᠭᠡᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠯᠡᠬᠦ ᠶᠢᠨ ᠴᠢᠬᠤᠯᠠ ᠠᠴᠢᠶᠠᠯᠠᠪᠤᠷᠢ ᠪᠣᠯᠤᠭᠰᠠᠨ | ᠪᠥᠭᠡᠳ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠳᠠᠪᠬᠢ ᠶᠢ ᠭᠦᠢᠴᠡᠳ ᠪᠠᠳᠠᠷᠠᠭᠤᠯᠬᠤ | ᠪᠣᠯᠣᠨ᠎ᠠ︾᠃ ᠵᠠᠩ ᠶᠦᠩ ᠸᠧᠢ᠂ ᠵᠢᠱᠢᠯᠲᠡ ᠪᠠᠷ 2024 ᠣᠨ ᠳᠤ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠥᠮᠴᠢᠯᠡᠯ ᠤᠨ ᠬᠡᠮᠵᠢᠶ᠎ᠡ 3000 ᠲᠦᠮᠡ ᠳᠤ ᠬᠦᠷᠴᠦ᠂ ᠡᠭᠦᠨ ᠳᠤ ᠴᠡᠪᠡᠷ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡᠨ ᠤ ᠡᠵᠡᠯᠡᠬᠦ ᠬᠠᠷᠢᠴᠠᠯ ᠪᠠᠷᠤᠭ 80% ᠢ ᠡᠵᠡᠯᠡᠬᠦ ᠪᠣᠯᠣᠨ᠎ᠠ᠃ 2023 ᠣᠨ ᠤ | 1—10 ᠰᠠᠷ᠎ᠠ ᠳᠤ᠂ ᠪᠦᠬᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ 6876 ᠲᠦᠮᠡᠨ ᠲᠣᠨ ᠳᠤ ᠬᠦᠷᠴᠦ᠂ ᠵᠢᠱᠢᠯᠲᠡ ᠪᠠᠷ 2024 | ᠣᠨ ᠳᠤ ᠪᠦᠬᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ | ᠬᠡᠮᠵᠢᠶ᠎ᠡ 1 ᠳ᠋ᠦᠩᠰᠢᠭᠤᠷ ᠲᠣᠨ ᠢ ᠳᠠᠪᠠᠭ᠋ᠤ ᠪᠣᠯᠣᠨ᠎ᠠ᠃ | ᠠᠩᠬᠠᠷᠤᠭᠤᠰᠢᠲᠠᠢ ᠨᠢ᠂ 2023 ᠣᠨ ᠤ 1—11 ᠰᠠᠷ᠎ᠠ ᠳᠤ᠂ ᠮᠠᠨ ᠤ ᠤᠯᠤᠰ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠠᠳᠠᠯᠢ ᠬᠤᠭᠤᠴᠠᠭᠠᠨ ᠤ ᠬᠢ ᠠᠴᠠ 34.5% | ᠪᠠ 36.7% ᠪᠠᠷ ᠨᠡᠮᠡᠭᠳᠡᠵᠦ᠂ ᠪᠥᠬᠦ ᠳᠡᠯᠡᠬᠡᠢ ᠶᠢᠨ ᠲᠡᠷᠢᠭᠦᠨ ᠤ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠨ | ᠪᠠᠲᠤᠯᠠᠪᠠ᠃ 2023 ᠣᠨ ᠤ 11 ᠰᠠᠷ᠎ᠠ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠠᠩᠬ᠎ᠠ ᠤᠳᠠᠭ᠎ᠠ ᠬᠤᠣᠰ ᠬᠤᠣᠰ ᠢᠶᠠᠷ ᠵᠠᠭᠤᠨ ᠲᠦᠮᠡᠨ ᠮᠠᠰᠢᠨ | ᠲᠡᠷᠭᠡᠨ ᠤ ᠪᠣᠭᠤᠮᠲᠠ ᠶᠢ ᠳᠠᠪᠠᠵᠠᠢ᠃ | ᠳᠤᠮᠳᠠᠳᠤ ᠤᠯᠤᠰ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠵᠠᠭᠤᠨ ᠬᠥᠮᠥᠨ ᠤ ᠨᠡᠶᠢᠭᠡᠮᠯᠢᠭ ᠤᠨ | ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠰᠢᠶᠣᠣ ᠱᠢ ᠶᠢᠨ ᠦᠵᠡᠬᠦ ᠪᠠᠷ᠂ ᠲᠤᠭ᠎ᠠ ᠪᠠᠷᠢᠮᠲᠠ ᠶᠢᠨ | ᠠᠷᠤ ᠳᠤ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠣᠰ ᠭᠠᠵᠠᠷ | ᠣᠷᠣᠨ ᠤ ᠪᠠᠨ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠨ ᠤ ᠰᠢᠰᠲ᠋ᠧᠮ ᠢ ᠲᠠᠰᠤᠷᠠᠯᠲᠠ ᠦᠭᠡᠢ | ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠵᠢᠯᠤᠭᠤᠳᠬᠤ ᠰᠢᠰᠲ᠋ᠧᠮ | ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠮᠡᠷᠭᠡᠵᠢᠯ ᠤᠨ ᠪᠣᠭᠤᠮᠢ ᠶᠢ ᠲᠦᠷᠭᠡᠨ ᠰᠢᠪᠲᠤᠯᠵᠤ᠂ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠪᠣᠯᠭᠠᠵᠤ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢᠨ ᠭᠠᠳᠠᠭᠠᠳᠤ ᠳᠠᠬᠢ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠲᠦᠷᠭᠡᠨ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠳᠡᠯᠡᠬᠡᠢ ᠳᠠᠬᠢ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ︽ᠪᠢᠳᠡ ᠤᠯᠤᠰ ᠤᠨ ︿ᠬᠤᠣᠰ ᠨᠡᠭᠦᠷᠡᠰᠦᠲᠥ᠋ᠷᠥᠭᠴᠢ﹀ ᠶᠢᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠠᠴᠠ | ᠪᠠᠰᠠ ᠵᠥᠷᠢᠶ᠎ᠡ ᠲᠠᠢ ᠪᠠᠶᠢᠨ᠎ᠠ︾᠃ ᠯᠢᠦ ᠰᠢᠶᠣᠣ ᠱᠢ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠮᠡᠷᠭᠡᠵᠢᠯ ᠠᠴᠠ ᠬᠡᠷᠡᠭᠯᠡᠭᠡᠨ ᠳᠤ ᠬᠦᠷᠬᠦ᠂ ᠵᠠᠮ ᠬᠠᠷᠢᠯᠴᠠᠭ᠎ᠠ ᠠᠴᠠ ᠡᠨᠧᠷᠭᠢ ᠳᠤ ᠬᠦᠷᠬᠦ᠂ ᠵᠠᠭᠠᠭ | ᠠᠯᠤᠰᠯᠠᠬᠤ ᠠᠴᠠ ᠠᠭᠤᠰᠤᠯᠴᠠᠯ ᠳᠤ ᠬᠦᠷᠬᠦ ᠵᠡᠷᠭᠡ ᠣᠯᠠᠨ ᠲᠠᠰ ᠳᠠᠪᠬᠤᠷᠭ᠎ᠠ᠂ ᠣᠯᠠᠨ ᠬᠦᠷᠢᠶ᠎ᠡ ᠴᠠᠷᠠᠭ᠎ᠠ ᠳᠤ | ᠮᠥᠨ ᠬᠦ ᠶᠡᠭᠡ ᠬᠡᠮᠵᠢᠶᠡᠨ ᠤ ᠥᠷᠢᠰᠦᠯᠳᠦᠭᠡᠨ ᠪᠠ ᠰᠡᠳᠦᠪ ᠢ ᠰᠢᠢᠳᠪᠦᠷᠢᠯᠡᠬᠦ ᠶᠢ ᠬᠦᠯᠢᠶᠡᠵᠦ ᠪᠠᠶᠢᠨ᠎ᠠ᠃ | ︵ᠰᠤᠷᠪᠤᠯᠵᠢᠯᠠᠭᠴᠢ ᠯᠢᠦ ᠶᠢᠨ︶ | ︽ᠬᠠᠷᠢᠭᠤᠴᠠᠯᠭᠠᠲᠤ ᠨᠠᠶᠢᠷᠠᠭᠤᠯᠤᠭᠴᠢ᠄ ᠵᠤᠤ ᠵᠢᠶᠠ ᠴᠢ︾ | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | | | | | |