ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠵᠢᠯᠴᠢᠨ ᠤ ᠡᠪᠯᠡᠯ ᠤᠨ ᠤᠯᠠᠭ᠎ᠠ ᠥᠷᠲᠡᠭᠡᠨ ᠤ ︽ᠬᠤᠶᠠᠷ ᠪᠠᠶᠠᠷ︾ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/18
     ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ︽ᠬᠤᠶᠠᠷ ᠪᠠᠶᠠᠷ︾ ᠤᠨ ᠡᠳᠦᠷ ᠤᠨ ᠬᠠᠯᠠᠭᠤᠨ ᠳᠤᠯᠠᠭᠠᠨ ᠬᠦᠷᠭᠡᠬᠦ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ᠂ 2024 ᠣᠨ ᠤ 1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠴᠠᠬᠠᠷ ᠲᠠᠯᠠᠪᠠᠶ ᠶᠢᠨ ᠬᠤᠶᠢᠲᠤ ᠡᠭᠦᠳᠡᠨ ᠳᠤ ᠠᠵᠢᠯᠴᠢᠨ ᠤ ᠡᠪᠯᠡᠯ ᠤᠨ ᠤᠯᠠᠭ᠎ᠠ ᠥᠷᠲᠡᠭᠡ ᠳᠤ ᠬᠠᠯᠠᠭᠤᠨ ᠳᠤᠯᠠᠭᠠᠨ ᠬᠦᠷᠭᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠺᠠᠳ᠋ᠷ ᠪᠣᠯᠣᠨ ᠠᠵᠢᠯᠲᠠᠨ ᠵᠢᠴᠢ ᠭᠡᠷ ᠤᠨ ᠭᠠᠳᠠᠨᠠᠬᠢ ᠬᠥᠳᠡᠯᠮᠦᠷᠢᠴᠢᠨ 100 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠪᠥᠬᠦ ᠬᠤᠰᠢᠭᠤᠨ ᠤ 9 ᠠᠵᠢᠯᠴᠢᠨ ᠤ ᠡᠪᠯᠡᠯ ᠤᠨ ᠥᠷᠲᠡᠭᠡ ᠶᠢ ᠬᠠᠮᠤᠷᠴᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ᠂ ᠲᠦᠷᠭᠡᠨ ᠬᠦᠷᠭᠡᠯᠲᠡ ᠶᠢᠨ ᠠᠵᠢᠯᠲᠠᠨ᠂ ᠬᠤᠭᠤᠯᠠ ᠬᠦᠷᠭᠡᠭᠴᠢ᠂ ᠪᠠᠩᠬᠢ ᠶᠢᠨ ᠡᠵᠡᠩᠨᠡᠯᠲᠡ ᠶᠢᠨ ᠴᠡᠭ ᠤᠨ ᠠᠷᠢᠭᠤᠨ ᠴᠡᠪᠡᠷ ᠤᠨ ᠠᠵᠢᠯᠲᠠᠨ ᠵᠡᠷᠭᠡ 90 ᠬᠥᠮᠥᠨ  ᠪᠤᠢ᠃ ᠲᠡᠳᠡᠨ ᠤ ᠬᠥᠮᠥᠨ ᠪᠦᠷᠢ ᠳᠤ ᠪᠤᠭᠤᠳᠠᠢ ᠶᠢᠨ ᠭᠤᠯᠢᠷ᠂ ᠲᠤᠲᠤᠷᠭ᠎ᠠ᠂ ᠰᠢᠷ᠎ᠠ ᠪᠤᠳᠠᠭ᠎ᠠ  ᠶᠢᠨ ᠭᠤᠯᠢᠷ ᠢ ᠲᠤᠰ ᠪᠦᠷᠢ ᠨᠢᠭᠡ ᠤᠭᠤᠲᠠ᠂ ᠬᠤᠮᠠᠨ ᠲᠣᠰᠣ ᠶᠢ ᠨᠢᠭᠡ ᠰᠠᠭᠤᠯᠠᠭ᠎ᠠ ᠭᠦᠷᠭᠡᠪᠡ᠃      ᠡᠨᠡ ᠬᠦ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠠᠴᠠ ᠭᠡᠷ ᠤᠨ ᠭᠠᠳᠠᠨᠠᠬᠢ ᠬᠥᠳᠡᠯᠮᠦᠷᠢᠴᠢᠳ ᠢ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ︽ᠠᠵᠢᠯᠴᠢᠨ ᠤ ᠭᠡᠷ︾ ᠤᠨ ᠬᠠᠯᠠᠭᠤᠨ ᠳᠤᠯᠠᠭᠠᠨ ᠢ ᠬᠠᠷᠠᠭᠤᠯᠵᠤ᠂ ᠤᠯᠠᠨ ᠲᠦᠮᠡᠨ ᠤ ᠰᠠᠶᠢᠨ ᠰᠠᠶᠢᠬᠠᠨ ᠦᠨᠡᠯᠡᠯᠲᠡ ᠶᠢ ᠣᠯᠣᠭᠰᠠᠨ ᠪᠠᠶᠢᠨ᠎ᠠ᠃                                      ᠤᠷᠴᠢᠭᠤᠯᠤᠭᠴᠢ᠄ ᠰᠤᠷᠤᠨ᠎ᠠ                                    ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号