ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠡᠭᠦᠳᠡᠨ ᠡᠮᠨᠡᠯᠭᠡ ᠶᠢᠨ ᠠᠰᠠᠷ ᠢ ᠠᠰᠢᠭᠯᠠᠯᠲᠠ ᠳᠤ ᠣᠷᠣᠭᠤᠯᠤᠨ ᠲᠤᠤᠵᠠ ᠬᠠᠶᠢᠴᠢᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠡᠭᠦᠳᠡᠨ ᠡᠮᠨᠡᠯᠭᠡ ᠶᠢᠨ ᠠᠰᠠᠷ ᠢ ᠬᠡᠷᠡᠬᠯᠡᠭᠦ ᠲᠤᠤᠵᠠ ᠬᠠᠶᠢᠴᠢᠯᠠᠬᠤ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ ᠰᠦᠨ ᠶᠠᠨ ᠵᠢᠶᠧ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠢ᠃      ᠰᠦᠨ ᠶᠠᠨ ᠵᠢᠶᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠲᠠᠢ ᠬᠠᠮᠲᠤ ᠪᠠᠷ ᠡᠭᠦᠳᠡᠨ ᠡᠮᠨᠡᠯᠭᠡ ᠶᠢᠨ ᠠᠰᠠᠷ ᠲᠤ ᠲᠤᠤᠵᠠ ᠬᠠᠶᠢᠴᠢᠯᠠᠵᠤ ᠥᠭᠪᠡ᠃
     ᠰᠦᠨ ᠶᠠᠨ ᠵᠢᠶᠧ ᠲᠤᠤᠵᠠ ᠬᠠᠶᠢᠴᠢᠯᠠᠬᠤ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠥᠷᠭᠡᠳᠬᠡᠨ ᠪᠠᠶᠢᠭᠤᠯᠬᠤ ᠲᠦᠷᠦᠯ ᠵᠦᠢᠯ ᠪᠣᠯ ᠵᠠᠰᠠᠭ ᠤᠨ ᠣᠷᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠭᠤᠣᠯᠳᠠᠯᠭ᠎ᠠ ᠲᠠᠢ ᠢᠨᠵᠧᠨᠧᠷᠢᠩ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠪᠣᠯᠣᠨ᠎ᠠ᠃ ᠡᠮᠨᠡᠯᠭᠡ ᠶᠢᠨ ᠬᠤᠷᠢᠶᠠᠨ ᠤ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠠᠷᠠᠳ ᠤᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠲᠤᠯᠭᠠᠮ᠎ᠠ ᠱᠠᠭᠠᠷᠳᠠᠯᠭ᠎ᠠ ᠮᠥᠨ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠥᠷᠭᠡᠳᠬᠡᠨ ᠪᠠᠶᠢᠭᠤᠯᠬᠤ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠬᠠᠯᠠᠮᠵᠢᠯᠠᠨ ᠳᠡᠮᠵᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠦᠨᠳᠦᠳᠬᠡᠨ ᠬᠠᠯᠠᠮᠵᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠡᠮᠨᠡᠯᠭᠡ ᠶᠢᠨ ᠬᠤᠷᠢᠶ᠎ᠠ ᠶᠢ ᠬᠥᠭᠵᠢᠭᠦᠯᠵᠦ᠂ ᠴᠢᠳᠠᠪᠤᠷᠢᠲᠠᠨ ᠢᠶᠠᠷ ᠡᠮᠨᠡᠯᠭᠡ ᠶᠢᠨ ᠬᠤᠷᠢᠶ᠎ᠠ ᠶᠢ ᠬᠦᠴᠦᠷᠬᠡᠭᠵᠢᠭᠦᠯᠬᠦ︾  ᠪᠠᠷ ᠡᠭᠦᠷᠭᠡ ᠪᠠᠨ ᠪᠣᠯᠭᠠᠵᠤ᠂ ᠮᠡᠳᠡᠭᠡ ᠵᠠᠩᠭᠢ ᠶᠢᠨ ᠬᠠᠮᠢᠶᠠᠷᠤᠯᠲᠠ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠨ᠂ ᠥᠷᠭᠡᠨ ᠤᠯᠠᠨ ᠡᠮᠨᠡᠯᠭᠡ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠡᠮᠨᠡᠯᠭᠡ ᠶᠢᠨ ᠬᠠᠮᠲᠤ ᠶᠢᠨ ᠴᠣᠭᠴᠠ︾  ᠶᠢᠨ ᠪᠠᠶᠢᠭᠤᠯᠤᠯᠲᠠ ᠶᠢᠨ ᠡᠨᠡᠬᠦ ᠠᠵᠠ ᠲᠣᠬᠢᠶᠠᠯ ᠢ ᠭᠦᠢᠴᠡᠳ ᠠᠰᠢᠭᠯᠠᠨ᠂ ᠮᠠᠨ ᠤ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠲᠠᠪᠰᠢᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
     ᠡᠮᠨᠡᠯᠭᠡ ᠶᠢᠨ ᠬᠤᠷᠢᠶᠠᠨ ᠤ ᠰᠢᠨ᠎ᠡ ᠡᠭᠦᠳᠡᠨ ᠡᠮᠨᠡᠯᠭᠡ ᠶᠢᠨ ᠠᠰᠠᠷ ᠤᠨ ᠲᠠᠯᠠᠪᠠᠶ ᠨᠢ 3446 ᠲᠡᠭᠰᠢ ᠳᠥᠷᠪᠡᠯᠵᠢᠨ ᠮᠧᠲᠷ ᠲᠤ ᠬᠦᠷᠴᠦ᠂ 24 ᠡᠭᠦᠳᠡᠨ ᠡᠮᠨᠡᠯᠭᠡ ᠨᠡᠮᠡᠭᠳᠡᠨ᠂ ᠪᠦᠬᠦᠨ ᠢᠶᠠᠷ ᠢᠶᠠᠨ ᠡᠯᠧᠺᠲᠷᠣᠨ ᠨᠣᠮᠧᠷ ᠤᠨ ᠰᠢᠰᠲ᠋ᠧᠮ ᠲᠣᠬᠢᠷᠠᠭᠤᠯᠵᠤ᠂ ᠡᠭᠦᠳᠡᠨ ᠡᠮᠨᠡᠯᠭᠡ ᠶᠢᠨ ᠳ᠋ᠤᠭᠠᠷᠯᠠᠬᠤ᠂ ᠰᠦᠢᠳᠬᠡᠯ ᠬᠤᠷᠢᠶᠠᠬᠤ ᠳᠤ ᠡᠪᠡᠳᠴᠢᠨ ᠦᠵᠡᠭᠦᠯᠬᠦ ᠮᠡᠳᠡᠭᠡ ᠵᠠᠩᠭᠢ ᠶᠢ ᠡᠯᠧᠺᠲᠷᠤᠨᠴᠢᠯᠠᠬᠤ ᠶᠢ ᠪᠡᠶᠡᠯᠡᠭᠦᠯᠵᠦ᠂ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠣᠶᠤᠨᠴᠢᠯᠠᠬᠤ ᠳᠠᠰᠢ ᠠᠬᠢᠭᠤᠯᠪᠠ᠃ ︽ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠯᠣᠭᠤᠳᠤᠯᠭ᠎ᠠ ᠳᠣᠣᠷ᠎ᠠ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠳᠠᠭᠠᠭᠤᠯᠤᠨ ᠰᠤᠷᠭᠠᠬᠤ᠂ ᠬᠠᠪᠰᠤᠷᠤᠨ ᠲᠡᠳᠬᠦᠬᠦ ᠳᠤ ᠲᠦᠰᠢᠭᠯᠡᠨ᠂ ᠴᠢᠳᠠᠪᠤᠷᠢᠲᠠᠨ᠂ ᠲᠥᠬᠦᠭᠡᠷᠦᠮᠵᠢ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠨ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠪᠠ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠡᠢ᠃ ᠭᠡᠵᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠬᠤᠤ ᡁᠢ ᠮᠢᠩ ᠬᠡᠯᠡᠪᠡ᠃                 ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ                 ᠤᠷᠴᠢᠭᠤᠯᠤᠭᠴᠢ᠄ ᠡᠷᠳᠡᠨᠢᠴᠢᠮᠡᠭ                 ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号