ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠤᠯᠠᠭᠠᠨᠬᠠᠳᠠ ᠰᠤᠮᠤᠨ ᠳᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/31
     ᠮᠠᠯᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠬᠠᠷᠢᠶᠠᠲᠤ ᠣᠷᠣᠨ ᠤ ᠮᠠᠯᠵᠢᠬᠤ ᠣᠷᠣᠨ ᠤ ᠠᠮᠤᠷ ᠲᠦᠪᠰᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠤᠯᠠᠭᠠᠨᠬᠠᠳᠠ ᠰᠤᠮᠤᠨ ᠳᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠬᠤᠭᠤᠴᠠᠭᠠᠨ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠬᠠᠭᠤᠯᠤᠭᠴᠢ ᠤᠯᠠᠭᠠᠨᠬᠠᠳᠠ ᠰᠤᠮᠤ ᠮᠠᠯᠵᠢᠬᠤ ᠣᠷᠣᠨ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ᠂ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠲᠠᠶᠢᠯᠤᠮᠵᠢ ᠪᠠᠷ ᠳᠡᠮᠵᠢᠨ᠂ ᠮᠠᠯᠴᠢᠳ ᠤᠨ ᠭᠠᠯ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠳᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠮᠡᠳᠡᠯᠭᠡ ᠶᠢᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ᠃
     ᠭᠠᠯᠲᠤ ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠳᠤ᠂ ᠭᠠᠯ ᠤᠨᠲᠠᠷᠠᠭᠠᠬᠤ ᠶᠡᠭᠡ ᠠᠩᠭᠢ ᠶᠢᠨ ᠤᠬᠠᠭᠤᠯᠤᠭᠴᠢ ᠠᠴᠠ ᠵᠤᠭᠠᠴᠠᠭᠰᠠᠳ ᠲᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠤᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠭᠤᠯᠬᠤ ᠶᠢᠨ ᠬᠠᠮᠲᠤ ᠦᠵᠡᠮᠵᠢ ᠶᠢᠨ ᠣᠷᠣᠨ ᠤ ᠪᠠᠷᠠᠭ᠎ᠠ ᠬᠤᠳᠠᠯᠳᠤᠨ ᠠᠪᠬᠤ ᠭᠠᠵᠠᠷ ᠲᠤ ᠬᠦᠷᠴᠦ᠂ ᠡᠯ᠎ᠡ ᠬᠤᠳᠠᠯᠳᠤᠭᠠᠴᠢᠳ ᠲᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠬᠤ ᠬᠡᠷᠡᠭᠰᠡᠯ ᠢ ᠬᠡᠷᠬᠢᠨ ᠬᠡᠷᠡᠭᠯᠡᠬᠦ ᠲᠤᠬᠠᠢ ᠲᠠᠶᠢᠯᠪᠤᠷᠢᠯᠠᠨ ᠶᠠᠷᠢᠵᠤ ᠥᠭᠴᠡᠢ᠃
     ︽ᠲᠣᠰ ᠤᠳᠠᠭᠠᠨ ᠤ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠭᠠᠨᠬᠠᠳᠠ ᠰᠤᠮᠤ ᠮᠠᠯᠵᠢᠬᠤ ᠣᠷᠣᠨ ᠤ ᠮᠠᠯᠴᠢᠳ ᠲᠤ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠤᠮᠵᠢ ᠬᠢᠵᠦ᠂ ᠭᠡᠷ ᠡᠷᠦᠬᠡ ᠳᠤ ᠬᠦᠷᠴᠦ ᠭᠠᠯ ᠤᠨᠲᠠᠷᠠᠭᠠᠬᠤ ᠬᠡᠮ ᠰᠣᠭᠤᠭ ᠢ ᠪᠠᠶᠢᠴᠠᠭᠠᠬᠤ ᠶᠢᠨ ᠬᠠᠮᠲᠤ ᠪᠠᠰᠠ ᠥᠷᠭᠡᠨ ᠣᠯᠠᠨ ᠮᠠᠯᠴᠢᠳ ᠲᠤ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ᠂ ᠮᠠᠯᠴᠢᠳ ᠢ ᠬᠠᠪᠰᠤᠷᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠨᠠᠩ ᠣᠯᠠᠨ ᠬᠥᠮᠥᠰ ᠲᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠤᠭᠤᠯᠬᠤ ᠶᠢ ᠬᠦᠰᠡᠵᠦ ᠪᠠᠶᠢᠨ᠎ᠠ︾ ᠭᠡᠵᠦ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠶᠡᠭᠡ ᠵᠠᠮ ᠤᠨ ᠳᠡᠳ᠋ ᠥᠷᠲᠡᠭᠡᠨ ᠤ ᠳᠠᠷᠤᠭ᠎ᠠ ᠹᠦ᠋ ᠶᠦᠩ ᠮᠢᠩ ᠬᠡᠯᠡᠪᠡ᠃          ᠵᠣᠬᠢᠶᠠᠭᠴᠢ᠄ ᠴᠢᠮᠡᠭᠡᠯᠡᠭᠴᠢ᠄ ᠬᠠᠨ ᠢ ᠸᠧᠢ᠂ ᠯᠢ ᠶᠠ ᠨᠠᠨ ︵ᠳᠠᠳᠤᠯᠭ᠎ᠠ︶          ᠤᠷᠴᠢᠭᠤᠯᠤᠭᠴᠢ᠄ ᠡᠷᠳᠡᠨᠢᠴᠢᠮᠡᠭ          ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ‌ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号