| ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠭᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ 2024 ᠣᠨ ᠤ 1 ᠰᠠᠷ᠎ᠠ ᠶᠢᠨ 3 ᠤ ᠡᠳᠦᠷ ᠪᠠᠶᠠᠨᠴᠠᠭᠠᠨ ᠪᠠᠯᠭᠠᠰᠤᠨ ᠳᠤ | ᠬᠤᠷᠠᠯᠳᠤᠪᠠ᠃ | ᠲᠣᠰ ᠤᠳᠠᠭᠠᠨ ᠤ ᠬᠤᠷᠠᠯ ᠳᠤ ᠣᠷᠣᠯᠴᠠᠭᠰᠠᠳ ᠲᠤ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ | 35 ᠬᠥᠮᠥᠨ᠂ ᠣᠷᠣᠯᠠᠭᠴᠢ ᠭᠡᠰᠢᠭᠦᠨ 8 ᠬᠥᠮᠥᠨ᠂ ᠬᠤᠰᠢᠭᠤᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ | ᠣᠷᠣᠯᠴᠠᠵᠠᠢ᠃ | | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠰᠢᠭᠤᠨ ᠨᠠᠮ ᠤᠨ | ᠬᠤᠷᠢᠶᠠᠨ ᠤ ᠱᠦᠵᠢ ᠼᠦᠢ ᠶᠦᠩ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ | ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ 2024 ᠣᠨ ᠤ ᠠᠵᠤ ᠠᠬᠤᠢ ᠶᠢᠨ ᠠᠵᠢᠯ ᠢ | ᠪᠠᠶᠢᠷᠢᠯᠠᠭᠤᠯᠪᠠ᠃ | | ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ | ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢ ᠳ᠋ᠦᠩᠨᠡᠨ᠂ 2024 ᠣᠨ ᠤ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠰᠠᠨᠠᠯ ᠨᠢᠭᠡᠲᠡᠢ | ᠦᠵᠡᠭᠰᠡᠨ ᠨᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠢ ᠡᠯ᠎ᠡ ᠵᠦᠢᠯ ᠤᠨ ᠠᠵᠢᠯ ᠤᠨ ᠢᠶᠠᠨ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠦᠨ ᠨᠠᠩ ᠡᠷᠡᠰ ᠪᠠᠲᠤ ᠤᠬᠠᠮᠰᠠᠷ ᠲᠠᠢ ᠪᠣᠯᠭᠠᠵᠤ᠂ ᠭᠤᠣᠯ ᠰᠡᠳᠦᠪᠲᠦ | ᠬᠥᠮᠦᠵᠢᠯ ᠢ ᠪᠣᠳᠠᠲᠠᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠭᠤᠣᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠤᠨ᠂ ᠬᠤᠲᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠵᠦ᠂ ᠡᠶ᠎ᠡ ᠵᠣᠬᠢᠴᠠᠯ ᠲᠠᠢ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠢ ᠳᠠᠬᠢᠨ ᠰᠢᠨ᠎ᠡ | ᠳᠡᠭᠲᠡᠷ ᠲᠤ ᠭᠠᠷᠭᠠᠪᠠ᠃ | ᠪᠥᠬᠦᠳᠡ ᠬᠤᠷᠠᠯ ᠠᠴᠠ ᠦᠵᠡᠭᠰᠡᠨ ᠨᠢ᠂ ᠨᠢᠭᠡ ᠵᠢᠯ ᠤᠨ ᠦᠢᠯᠡᠳᠦᠯᠭᠡ ᠭᠡᠷᠡᠴᠢᠯᠡᠭᠰᠡᠨ ᠨᠢ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ᠄ ᠢᠮᠠᠭᠲᠠ ᠨᠠᠮ ᠨᠢ ᠨᠠᠮ ᠢᠶᠠᠨ | ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠠᠪᠤᠳᠠᠯ ᠢᠶᠠᠷ ᠨᠢᠭᠡᠳᠦᠭᠡᠷ ᠬᠠᠷᠢᠭᠤᠴᠠᠯᠭ᠎ᠠ ᠪᠠᠨ ᠪᠣᠯᠭᠠᠵᠤ᠂ ︽ᠬᠤᠶᠠᠷ ᠢ | ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ | ᠦᠢᠯᠡᠳᠦᠯᠭᠡᠵᠢᠭᠦᠯᠬᠦ ᠬᠡᠷᠡᠭᠲᠡᠢ︔ ᠢᠮᠠᠭᠲᠠ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠬᠥᠭᠵᠢᠯᠲᠡ ᠶᠢ | ᠲᠦᠷᠭᠡᠳᠬᠡᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠪᠠᠷ | ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ | ᠬᠥᠭᠵᠢᠯᠲᠡ ᠶᠢ ᠲᠦᠷᠭᠡᠳᠬᠡᠬᠦ ᠬᠡᠷᠡᠭᠲᠡᠢ︔ ᠢᠮᠠᠭᠲᠠ ᠠᠷᠠᠳ ᠤᠨ ᠲᠥᠯᠥᠭᠡ ᠲᠥᠷᠥ ᠪᠠᠷᠢᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠡᠷᠢᠭᠦᠨ ᠬᠥᠭᠡᠭᠡᠴᠡᠯᠳᠦᠯ ᠢᠶᠠᠨ ᠪᠣᠯᠭᠠᠵᠤ᠂ ᠠᠷᠠᠳ ᠣᠯᠠᠨ ᠤ ᠵᠣᠭᠰᠣᠯᠲᠠ | ᠪᠠ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ ᠤᠴᠢᠷ ᠶᠠᠪᠤᠳᠠᠯ ᠢ ᠪᠦᠲᠦᠭᠡᠵᠦ᠂ ᠬᠥᠭᠵᠢᠯᠲᠡ ᠶᠢᠨ ᠦᠷ᠎ᠡ | ᠪᠦᠲᠦᠭᠡᠯ ᠢ ᠪᠥᠬᠦ ᠬᠤᠰᠢᠭᠤᠨ ᠤ ᠠᠷᠠᠳ ᠲᠦᠮᠡᠨ ᠳᠤ ᠨᠠᠩ ᠢᠯᠡᠭᠦᠦ ᠬᠦᠷᠲᠡᠭᠡᠨ᠎ᠡ︔ ᠦᠨᠡᠨᠬᠦ ᠠᠳᠬᠤᠵᠤ | ᠪᠣᠳᠠᠲᠠᠢ ᠠᠵᠢᠯᠯᠠᠬᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠨᠢᠭᠡᠳᠦᠭᠡᠷ ᠤᠳᠤᠷᠢᠳᠤᠮᠵᠢ | ᠪᠣᠯᠭᠠᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ︽ᠲᠤᠯᠤᠭ᠎ᠠ ᠶᠢ ᠲᠠᠶᠠᠭᠳᠠᠬᠤ︾ ᠶᠢ | ᠡᠷᠡᠰ ᠪᠡᠶᠡᠯᠡᠭᠦᠯᠵᠦ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ | ᠬᠠᠭᠤᠳᠠᠰᠤ ᠪᠠᠨ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ | ᠠᠵᠢᠯ ᠬᠢᠵᠦ ᠦᠢᠯᠡᠰ ᠪᠣᠰᠬᠠᠬᠤ᠂ ᠲᠡᠰ ᠳᠡᠪᠰᠢᠬᠦ ᠭᠦᠨ ᠵᠤᠵᠠᠭᠠᠨ ᠠᠭᠤᠷ ᠠᠮᠢᠰᠬᠤᠯ ᠢ ᠳᠠᠰᠤᠷᠠᠯᠳᠠ ᠦᠭᠡᠢ ᠪᠤᠢ | ᠪᠣᠯᠭᠠᠬᠤ ᠬᠡᠷᠡᠭᠲᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠬᠤᠰᠢᠭᠤᠨ ᠤ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠠᠭᠠᠨᠴᠠᠪ ᠬᠤᠲᠠ ᠶᠢᠨ ︽ᠰᠢᠨ᠎ᠡ ᠵᠠᠮ ᠢ ᠨᠡᠭᠡᠭᠡᠬᠦ᠂ | ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ︾ | ᠬᠠᠷᠠᠯᠲᠠ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠶᠠᠰᠤ | ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠴᠠ ᠳᠤ ᠨᠠᠩ ᠣᠯᠠᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ | ᠭᠤᠣᠯ ᠱᠤᠭᠤᠮ ᠮᠥᠨ᠂ ᠡᠨᠡ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠬᠡᠪᠰᠢ ᠰᠠᠶᠢᠲᠤᠷ | ᠠᠳᠬᠤᠬᠤ ᠴᠢᠬᠤᠯᠠ ᠶᠡᠭᠡ ᠤᠯᠤᠰ ᠳᠦᠷᠦ ᠶᠢᠨ ᠡᠭᠦᠷᠭᠡ ᠮᠥᠨ᠃ ᠨᠢᠭᠡ ᠳᠤ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠦᠨᠳᠦᠰᠦᠨ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ | ᠡᠨᠡᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠲᠤᠤᠱᠯᠠᠭᠤᠯᠬᠤ | ᠬᠡᠷᠡᠭᠲᠡᠢ︔ ᠬᠤᠶᠠᠷ ᠲᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠨᠠᠨ ᠬᠠᠷᠭᠤᠭᠤᠯᠵᠤ | ᠪᠣᠭᠤᠮᠲᠠ ᠰᠠᠬᠢᠬᠤ᠂ ᠰᠢᠢᠳᠪᠦᠷᠢᠲᠦ ᠪᠣᠳᠣᠯᠭ᠎ᠠ ᠰᠤᠳᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠪᠠ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠳᠠᠩᠰᠠᠯᠠᠵᠤ ᠬᠢᠨᠠᠨ ᠪᠠᠶᠢᠴᠠᠭᠠᠬᠤ ᠵᠡᠷᠭᠡ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠡᠯ᠎ᠡ ᠰᠠᠯᠠᠭ᠎ᠠ ᠮᠥᠴᠢᠷ ᠨᠢᠭᠡᠴᠢ ᠶᠢᠨ | ︽ᠭᠤᠷᠪᠠ ᠶᠢ ᠲᠣᠭᠲᠠᠭᠠᠬᠤ︾ ᠲᠥᠰᠥᠯ ᠳᠤ ᠣᠷᠣᠭᠤᠯᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠳᠦᠷᠢᠮ᠂ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ ᠲᠣᠰᠬᠤᠨ ᠤ ᠳᠦᠷᠢᠮ | ᠠᠷᠠᠳ ᠤᠨ ᠭᠡᠷ᠎ᠡ ᠳᠤ ᠪᠢᠴᠢᠵᠦ ᠣᠷᠣᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠦᠢᠯᠡ ᠠᠵᠢᠯᠯᠠᠭᠠᠨ ᠤ | ᠪᠠᠷᠢᠮᠵᠢᠶ᠎ᠠ ᠪᠠ ᠡᠳᠦᠷ ᠲᠤᠳᠤᠮ ᠤᠨ ᠳᠠᠳᠬᠠᠯ ᠪᠣᠯᠭᠠᠬᠤ ᠬᠡᠷᠡᠭᠲᠡᠢ︔ ᠭᠤᠷᠪᠠ ᠳᠤ᠂ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂︽ᠤᠮᠠᠷᠠᠲᠤ ᠶᠢᠨ ᠰᠣᠶᠣᠯ︾ ᠤᠨ ᠲᠦᠷᠦᠯ | ᠲᠡᠮᠳᠡᠭ ᠢ ᠪᠦᠬᠦ ᠬᠦᠴᠦᠨ ᠢᠶᠠᠷ ᠢᠶᠠᠨ ᠴᠤᠤᠷᠢᠶᠠᠲᠤᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠪᠥᠭᠡᠳ | ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ︽ᠲᠠᠪᠤᠨ ᠶᠡᠭᠡ ᠡᠭᠦᠷᠭᠡ︾ ᠶᠢ ᠡᠳᠦᠷ | ᠲᠤᠲᠤᠮ ᠤᠨ ᠠᠵᠢᠯ ᠲᠠᠢ ᠭᠦᠢᠴᠡᠳ ᠵᠣᠯᠭᠠᠭᠤᠯᠵᠤ᠂ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ | ᠬᠡᠷᠡᠭᠲᠡᠢ᠃ ᠳᠡᠭᠡᠳᠦ ᠱᠠᠲᠤᠨ ᠤ ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠪᠣᠳᠠᠲᠠᠢ ᠲᠠᠢ | ᠤᠶᠠᠯᠳᠤᠭᠤᠯᠤᠨ ᠨᠠᠷᠢᠨ ᠬᠢᠨᠠᠮᠠᠭᠠᠢ ᠰᠤᠳᠤᠯᠵᠤ᠂ ᠨᠠᠷᠢᠨ ᠲᠠᠩᠰᠠ ᠶᠢ ᠨᠠᠷᠢᠯᠢᠭᠵᠢᠭᠤᠯᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠨᠢᠭᠡᠨᠲᠡ ᠲᠣᠳᠣᠷᠬᠠᠢ ᠪᠣᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ | ᠤᠷᠤᠭᠰᠢ ᠲᠦᠯᠬᠢᠨ ᠤᠷᠤᠭᠰᠢᠯᠠᠭᠤᠯᠵᠤ᠂ ᠴᠢᠳᠠᠬᠤ ᠶᠢᠨ ᠬᠢᠷᠢ ᠪᠠᠷ ᠤᠷᠤᠭᠰᠢ ᠳᠠᠪᠰᠢᠭᠤᠯᠵᠤ᠂ ᠤᠷᠢᠳᠴᠢᠯᠠᠭᠰᠠᠨ | ᠬᠡᠮᠵᠢᠶ᠎ᠡ ᠶᠢ ᠭᠠᠷᠭᠠᠬᠤ ᠬᠡᠷᠡᠭᠲᠡᠢ᠃ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ︽ᠳᠣᠬᠢᠭᠤᠷ︾ ᠤᠨ | ᠦᠢᠯᠡᠳᠦᠯ ᠢ ᠪᠠᠳᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠣᠩᠭᠤᠨ ᠬᠡᠷᠡᠭᠯᠡᠬᠦ᠂ ᠲᠡᠷᠢᠭᠦᠨ ᠤ | ᠬᠢ ᠶᠢ ᠰᠢᠯᠭᠠᠷᠠᠭᠤᠯᠵᠤ ᠰᠢᠯᠢᠳᠡᠭ ᠢ ᠱᠠᠩᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠱᠠᠩᠨᠠᠬᠤ ᠲᠠᠢ | ᠬᠤᠯᠪᠣᠭᠳᠠᠭᠤᠯᠤᠨ᠂ ᠡᠭᠦᠷᠭᠡᠯᠡᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠲᠠᠪᠤᠨ | ᠶᠡᠭᠡ ᠡᠭᠦᠷᠭᠡ ᠶᠢ ᠨᠠᠶᠢᠳᠠᠪᠤᠷᠢᠵᠢᠭᠤᠯᠤᠨ ᠨᠠᠩ ᠰᠠᠶᠢᠨ ᠦᠷ᠎ᠡ ᠪᠦᠲᠦᠮᠵᠢ ᠣᠯᠬᠤ ᠶᠢ ᠭᠦᠨᠵᠡᠭᠡᠢ ᠠᠬᠢᠭᠤᠯᠬᠤ | ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠵᠢᠷᠭᠤᠭᠠᠨ ᠢᠨᠵᠧᠨᠧᠷᠢᠩ︾ ᠢ ︽ᠨᠢᠭᠡᠳᠦᠭᠡᠷ ᠭᠠᠷ︾ ᠤᠨ | ᠢᠨᠵᠧᠨᠧᠷᠢᠩ ᠪᠣᠯᠭᠠᠨ ᠠᠳᠬᠤᠵᠤ᠂ ᠪᠡᠶ᠎ᠡ ᠪᠠᠷ ᠢᠶᠠᠨ ᠠᠳᠬᠤᠵᠤ᠂ ᠤᠷᠢᠳ ᠢᠶᠠᠷ ᠠᠳᠬᠤᠵᠤ᠂ ᠱᠠᠯᠠᠪᠳᠠᠨ | ᠪᠠᠶᠢᠯᠳᠤᠭᠠᠨ ᠢ ᠤᠷᠢᠳ ᠢᠶᠠᠷ ᠬᠢᠵᠦ᠂ ᠠᠵᠢᠯ ᠢ ᠤᠷᠢᠳ ᠢᠶᠠᠷ ᠬᠢᠬᠦ ᠬᠡᠷᠡᠭᠲᠡᠢ᠃ ᠨᠢᠭᠡ ᠳᠤ ︽ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠦᠨᠡᠨ ᠬᠦ ᠰᠠᠶᠢᠲᠤᠷ ᠠᠳᠬᠤᠵᠤ᠂ ᠳᠡᠭᠡᠳᠦ ᠱᠠᠲᠤᠨ ᠤ | ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠰᠤᠳᠤᠯᠭᠠᠨ ᠢ ᠴᠢᠩᠭᠠᠳᠬᠠᠨ᠂ ᠣᠷᠣᠨ ᠪᠠᠶᠢᠷᠢ ᠳᠤᠨᠢ | ᠣᠷᠣᠭᠤᠯᠵᠤ᠂ ᠵᠣᠯᠭᠠᠭᠤᠯᠤᠨ ᠵᠣᠬᠢᠴᠠᠭᠤᠯᠬᠤ᠂ ᠲᠥᠷᠥᠯ ᠵᠦᠢᠯ ᠢ ᠨᠥᠭᠡᠴᠡᠯᠡᠬᠦ ᠠᠵᠢᠯ ᠢ ᠬᠠᠨᠳᠤᠯᠭᠠᠲᠤ | ᠴᠢᠨᠠᠷᠲᠠᠢ ᠪᠠᠷ ᠰᠠᠶᠢᠲᠤᠷ ᠬᠢᠵᠦ᠂ ᠨᠠᠩ ᠣᠯᠠᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ | ᠪᠠᠶᠢᠭᠰᠠᠨ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ︽ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ︾ ᠢ ᠦᠨᠡᠨᠬᠦ ᠰᠠᠶᠢᠲᠤᠷ ᠠᠳᠬᠤᠵᠤ᠂ ᠨᠤᠲᠤᠭ ᠪᠡᠯᠴᠢᠭᠡᠷ ᠤᠨ ︽ᠭᠤᠷᠪᠠᠨ | ᠣᠳᠣᠬᠢᠴᠢᠯᠠᠯᠲᠠ︾ ᠶᠢᠨ ᠶᠡᠷᠦᠩᠬᠡᠶᠢᠯᠡᠭᠰᠡᠨ ᠵᠠᠰᠠᠯᠲᠠ ᠶᠢ ᠭᠤᠣᠯᠳᠠᠯᠭ᠎ᠠ ᠲᠠᠢ ᠠᠬᠢᠭᠤᠯᠵᠤ᠂ ︽ᠭᠤᠷᠪᠠᠨ ᠤᠮᠠᠷᠠᠲᠤ | ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠡᠭᠦᠷᠭᠡ ᠶᠢ ᠵᠢᠯ ᠬᠤᠪᠢᠶᠠᠨ ᠰᠠᠶᠢᠲᠤᠷ ᠪᠡᠶᠡᠯᠡᠭᠦᠯᠵᠦ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠠᠯᠬᠢᠨ ᠬᠦᠴᠦᠨ ᠢᠶᠠᠷ | ᠴᠠᠬᠢᠯᠭᠠᠨ ᠬᠡᠷᠡᠯ ᠴᠡᠨᠡᠭ ᠤᠨ ᠢᠨᠵᠧᠨᠧᠷᠢᠩ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠲᠦᠷᠭᠡᠳᠬᠡᠨ ᠠᠬᠢᠭᠤᠯᠵᠤ᠂ ᠭᠠᠵᠠᠷ ᠰᠢᠷᠣᠢ ᠶᠢᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠪᠠ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠠᠬᠢᠭᠤᠯᠤᠨ᠂ ᠡᠬᠢ | ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ | ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ ᠭᠤᠷᠪᠠ ᠳᠤ᠂︽ᠳᠤᠯᠠᠭᠠᠯᠠᠬᠤ ᠢᠨᠵᠧᠨᠧᠷᠢᠩ︾ ᠢ | ᠦᠨᠡᠨᠬᠦ ᠰᠠᠶᠢᠲᠤᠷ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ | ᠴᠢᠨᠠᠷ ᠰᠠᠶᠢᠲᠠᠢ ᠬᠥᠭᠵᠢᠯᠲᠡ ᠳᠤᠮᠳᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ᠃ | ᠳᠥᠷᠪᠡ ᠳᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠦᠨᠡᠨᠬᠦ ᠰᠠᠶᠢᠲᠤᠷ ᠠᠳᠬᠤᠵᠤ | ᠂ ︽ᠳᠥᠷᠪᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠵᠥᠪ ᠲᠠᠯ᠎ᠠ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠴᠣᠭᠴᠠᠯᠠᠬᠤ ᠬᠡᠷᠡᠭᠲᠡᠢ᠃ | ᠲᠠᠪᠤ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ︾ ᠢ ᠦᠨᠡᠨ ᠬᠦ | ᠰᠠᠶᠢᠲᠤᠷ ᠠᠳᠬᠤᠬᠤ ᠬᠡᠷᠡᠭᠲᠡᠢ᠃ ᠲᠣᠰ ᠪᠡᠶ᠎ᠡ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠵᠢᠴᠢ ᠪᠣᠳᠠᠲᠠᠢ | ᠬᠥᠭᠵᠢᠯᠲᠡ ᠶᠢᠨ ᠬᠡᠷᠡᠭᠴᠡᠭᠡ ᠳᠡᠭᠡᠨ ᠰᠠᠭᠤᠷᠢᠯᠠᠨ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠯᠢᠲ᠋ᠢ ᠴᠠᠬᠢᠯᠭᠠᠨ | ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠤᠨ ︽ᠳᠥᠷᠪᠡᠨ ᠶᠡᠭᠡ ᠲᠠᠰ ᠳᠡᠪᠰᠢᠭᠦᠯᠬᠦ ᠠᠵᠢᠯᠯᠠᠭ᠎ᠠ︾᠂ ︽ᠲᠠᠪᠤᠨ | ᠵᠢᠵᠢᠭ ᠪᠠᠯᠭᠠᠰᠤ︾ ᠶᠢ ᠴᠣᠭᠴᠠᠯᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠬᠦᠴᠦᠯᠡᠨ | ᠴᠢᠷᠮᠠᠶᠢᠵᠤ᠂ ︽ᠡᠬᠢᠯᠡᠵᠦ ᠭᠦᠶᠦᠬᠦ ᠪᠣᠯ ᠳᠠᠭᠠᠭᠤᠯᠤᠨ ᠭᠦᠶᠦᠬᠦ︾ ᠶᠢ ᠪᠡᠶᠡᠯᠡᠭᠦᠯᠦᠨ᠎ᠡ᠃ ᠵᠢᠷᠭᠤᠭ᠎ᠠ ᠳᠤ᠂ ︽ | ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠵᠤ᠂ ᠤᠯᠠᠭᠠᠨᠴᠠᠪ ᠬᠢᠭᠡᠳ ᠡᠷᠢᠶᠡᠨ ᠬᠤᠲᠠ ᠶᠢᠨ ᠪᠣᠭᠤᠮᠲᠠ ᠶᠢᠨ ᠳᠣᠲᠣᠷ᠎ᠠ ᠭᠠᠵᠠᠷ ᠢ | ᠨᠢᠭᠡ ᠴᠣᠭᠴᠠᠵᠢᠭᠤᠯᠤᠨ ᠬᠥᠭᠵᠢᠭᠦᠯᠬᠦ ᠳᠤᠮᠳᠠ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ | ᠳᠡᠪᠰᠢᠭᠦᠯᠵᠦ᠂ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠲᠡᠰ ᠳᠡᠪᠰᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠢ ᠪᠣᠶᠢᠵᠢᠭᠤᠯᠤᠨ ᠰᠢᠯᠢᠳᠡᠭᠵᠢᠭᠦᠯᠵᠦ᠂ ᠰᠠᠭᠤᠷᠢᠨ ᠭᠠᠵᠠᠷ ᠢ ᠪᠠᠶᠢᠭᠤᠯᠤᠨ ᠬᠦᠴᠦᠷᠬᠡᠭᠵᠢᠭᠦᠯᠵᠦ᠂ ᠲᠠᠷᠢᠶᠠᠨ | ᠭᠠᠵᠠᠷ ᠢ ᠬᠠᠮᠠᠭᠠᠯᠠᠬᠤ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠨᠢᠭᠡ ᠪᠦᠯᠦᠭ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠤᠨ᠎ᠠ᠃ ᠨᠠᠷᠠᠲᠤ ᠲᠥᠷᠥᠯ ᠲᠡᠮᠳᠡᠭᠲᠦ ᠶᠢ ᠭᠢᠯᠠᠶᠢᠲᠠᠯ᠎ᠠ | ᠠᠷᠴᠢᠵᠤ᠂ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢ ᠭᠡᠷᠡᠴᠢᠯᠡᠬᠦ ᠪᠠᠷ ᠮᠡᠳᠡᠭᠦᠯᠬᠦ ᠪᠠ ᠨᠡᠬᠡᠮᠵᠢᠯᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠰᠠᠶᠢᠲᠤᠷ ᠬᠢᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠬᠠᠰᠢᠶᠠᠯᠠᠨ ᠪᠣᠷᠳᠣᠵᠤ ᠲᠠᠷᠭᠤᠯᠠᠭᠤᠯᠬᠤ ᠪᠠ ᠮᠠᠯ ᠤᠨ | ᠡᠭᠦᠯᠳᠡᠷ ᠢ ᠰᠠᠶᠢᠵᠢᠷᠠᠭᠤᠯᠬᠤ ᠶᠢ ᠲᠦᠷᠭᠡᠳᠬᠡᠨ᠂ ︽ᠡᠷᠦᠬᠡ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ ᠲᠣᠭᠲᠠᠴᠠ ᠶᠢ | ᠲᠡᠭᠦᠯᠳᠡᠷᠵᠢᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠤᠶᠠᠷ ᠲᠤ᠂ ᠬᠦᠴᠦ ᠪᠠᠨ | ᠲᠥᠪᠯᠡᠷᠡᠭᠦᠯᠦᠨ ᠠᠵᠤ ᠦᠢᠯᠡᠳᠪᠦᠷᠢ ᠶᠢ ᠬᠦᠴᠦᠷᠬᠡᠭᠵᠢᠭᠦᠯᠦᠨ ᠦᠢᠯᠡᠳᠪᠦᠷᠢᠯᠡᠯ ᠢ ᠬᠥᠭᠵᠢᠭᠦᠯᠵᠦ᠂ ᠬᠦᠷᠢᠶᠡᠯᠡᠩ | ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ︽ᠤᠰᠤ᠂ ᠴᠠᠬᠢᠯᠭᠠᠨ᠂ ᠬᠡᠢ᠂ ᠢᠯᠴᠢ᠂ | ᠵᠠᠮ᠂ ᠮᠡᠳᠡᠭᠡ︾ᠵᠡᠷᠭᠡ ᠡᠯᠧᠮᠧᠨ᠋ᠲ ᠤᠨ ᠪᠠᠲᠤᠯᠠᠭ᠎ᠠ ᠶᠢ ᠲᠦᠷᠭᠡᠨ ᠲᠡᠭᠦᠯᠳᠡᠷᠵᠢᠭᠦᠯᠵᠦ᠂ ᠬᠥᠭᠵᠢᠯᠲᠡ ᠶᠢᠨ | ᠴᠢᠳᠠᠪᠤᠷᠢ ᠶᠢᠨ ᠳᠡᠰ ᠢ ᠴᠢᠨᠠᠭᠰᠢᠳᠠ ᠳᠡᠭᠡᠭᠰᠢᠯᠡᠭᠦᠯᠦᠨ᠎ᠡ᠃ ᠴᠠᠬᠢᠯᠠᠭᠤᠷ ᠴᠢᠯᠠᠭᠤᠨ ᠤ ᠬᠢᠮᠢ ᠶᠢᠨ ᠠᠵᠤ ᠦᠢᠯᠡᠳᠪᠦᠷᠢ᠂ | ᠱᠦᠢᠨᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠠᠭᠤᠷᠢ ᠲᠦᠭᠦᠬᠡᠢ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠦᠨ᠂ ᠠᠵᠢᠯ ᠲᠥᠷᠥᠯ ᠤᠨ ᠪᠦᠬᠦᠯᠢ ᠴᠣᠭᠴᠠ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠰᠣᠶᠣᠯ ᠤᠨ ᠵᠤᠭᠠᠴᠠᠯ ᠤᠨ ᠦᠢᠯᠡᠰ ᠢ ᠪᠦᠬᠦ ᠲᠠᠯ᠎ᠠ ᠪᠠᠷ | ᠪᠤᠵᠠᠭᠠᠶᠢᠷᠠᠭᠤᠯᠵᠤ᠂︽ᠵᠤᠭᠠᠴᠠᠯ + ᠡᠵᠡᠩᠨᠡᠯᠲᠡ ᠶᠢᠨ ᠦᠢᠯᠡᠴᠢᠯᠡᠭᠡ︾ ᠶᠢ ᠰᠠᠶᠢᠲᠤᠷ ᠬᠢᠵᠦ᠂ ︽5·1︾ ᠤ ᠡᠭᠦᠳᠡ ᠪᠠᠨ | ᠨᠡᠭᠡᠭᠡᠵᠦ ᠵᠣᠴᠢᠨ ᠤᠭᠲᠤᠬᠤ ᠶᠢ ᠪᠠᠲᠤᠯᠠᠨ᠎ᠠ᠃ ︽ᠵᠢᠭᠤᠯᠴᠢᠯᠠᠯ + ᠡᠵᠡᠩᠨᠡᠯᠲᠡ ᠶᠢᠨ ᠬᠡᠯᠪᠡᠷᠢ ᠪᠠᠶᠢᠳᠠᠯ ᠢ | ᠣᠶᠢᠯᠠᠭᠠᠬᠤ︾ ᠶᠢ ᠰᠠᠶᠢᠲᠤᠷ ᠬᠢᠵᠦ᠂ ᠵᠢᠭᠤᠯᠴᠢᠯᠠᠭᠴᠢᠳ ᠤᠨ ᠥᠪᠡᠷᠮᠢᠴᠡ᠂ ᠣᠯᠠᠨ ᠶᠠᠩᠵᠤ ᠶᠢᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠵᠢᠭᠤᠯᠴᠢᠯᠠᠯ + ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ︾ ᠶᠢ ᠰᠠᠶᠢᠲᠤᠷ ᠬᠢᠵᠦ᠂ ᠠᠷᠠᠳ ᠤᠨ ᠣᠷᠣᠨ ᠰᠠᠭᠤᠴᠠ᠂ ᠬᠠᠯᠠᠭᠤᠨ | ᠷᠠᠰᠢᠶᠠᠨ᠂ ᠣᠳᠣᠨ ᠣᠭᠲᠠᠷᠭᠤᠢ᠂ ᠮᠥᠰᠥ ᠴᠠᠰᠤ᠂ ᠪᠢᠰᠢᠯᠠᠭ ᠤᠨ ᠵᠢᠵᠢᠭ ᠪᠠᠯᠭᠠᠰᠤᠨ ᠤ ᠰᠦᠷᠦᠭᠵᠢᠯ ᠢ ᠪᠦᠲᠦᠭᠡᠨ | ᠪᠠᠶᠢᠭᠤᠯᠵᠤ᠂ ᠤᠯᠤᠰ ᠤᠨ 4A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠤᠨ᠎ᠠ᠃ ᠵᠡᠷᠭᠡ | ᠳᠡᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ | ᠲᠦᠷᠭᠡᠳᠬᠡᠵᠦ᠂ ᠠᠷᠠᠳ ᠤᠨ ᠣᠷᠣᠨ ᠰᠠᠭᠤᠴᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ | ᠳᠡᠭᠡᠭᠰᠢᠯᠡᠭᠦᠯᠤᠨ᠎ᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠳᠤ᠂ | ᠤᠯᠤᠰ ᠲᠦᠷᠦ ᠶᠢᠨ ᠪᠠᠶᠢᠭᠤᠯᠤᠯᠲᠠ ᠶᠢ ᠳᠤᠪᠤᠶᠢᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠠᠰᠠᠭᠤᠳᠠᠯ ᠢ ᠪᠣᠳᠣᠯᠬᠢᠯᠠᠬᠤ᠂ ᠤᠴᠢᠷ ᠶᠠᠪᠤᠳᠠᠯ ᠪᠦᠲᠦᠭᠡᠬᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠡᠩ ᠲᠡᠷᠢᠭᠦᠨ ᠳᠤ ᠤᠯᠤᠰ ᠲᠦᠷᠦ ᠶᠢᠨ ᠲᠠᠯ᠎ᠠ ᠠᠴᠠ ᠡᠵᠡᠮᠳᠡᠵᠦ᠂ | ᠤᠬᠠᠮᠰᠠᠷ ᠠᠴᠠ ᠪᠠᠨ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠨ᠎ᠡ᠃ ᠬᠤᠶᠠᠷ ᠲᠤ ᠴᠢᠳᠠᠪᠤᠷᠢ ᠶᠢᠨ ᠪᠠᠶᠢᠭᠤᠯᠤᠯᠲᠠ ᠶᠢ ᠳᠤᠪᠤᠶᠢᠯᠭᠠᠵᠤ᠂ ᠠᠵᠤ ᠠᠬᠤᠢ ᠶᠢᠨ | ᠠᠵᠢᠯ ᠤᠨ ᠬᠦᠴᠦᠯᠡᠬᠦ ᠴᠡᠭ ᠢ ᠭᠦᠨᠵᠡᠭᠡᠢ ᠡᠷᠢᠵᠦ ᠪᠣᠳᠠᠲᠠᠢ ᠠᠳᠬᠤᠵᠤ᠂ ᠲᠠᠷᠢᠬᠢᠨ ᠳᠠᠭᠠᠨ ᠰᠡᠳᠬᠢᠴᠡ ᠲᠠᠢ᠂ | ᠭᠠᠷ ᠲᠠᠭᠠᠨ ᠠᠷᠭ᠎ᠠ ᠲᠠᠢ᠂ ᠬᠥᠯ ᠳᠡᠭᠡᠨ ᠠᠷᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠰᠤᠷᠲᠠᠯ ᠤᠨ | ᠪᠠᠶᠢᠭᠤᠯᠤᠯᠲᠠ ᠶᠢ ᠳᠤᠪᠤᠶᠢᠯᠭᠠᠵᠤ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ᠳᠡᠭᠡᠷ᠎ᠡ | ᠦᠷᠭᠦᠯᠵᠢᠯᠡᠨ ᠬᠦᠴᠦ ᠲᠠᠯᠪᠢᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ᠠᠰᠠᠭᠤᠳᠠᠯ ᠢ ᠵᠠᠯᠠᠷᠠᠭᠤᠯᠤᠨ ᠵᠠᠰᠠᠵᠤ᠂ | ᠡᠯ᠎ᠡ ᠵᠦᠢᠯ ᠤᠨ ᠠᠵᠢᠯ ᠤᠨ ᠬᠥᠳᠡᠯᠦᠯᠴᠡᠬᠦ᠂ ᠠᠵᠢᠯᠯᠠᠬᠤ᠂ ᠴᠢᠩᠭᠠᠷᠠᠭᠤᠯᠬᠤ᠂ ᠭᠦᠶᠦᠯᠳᠦᠬᠦ ᠶᠢ ᠠᠬᠢᠭᠤᠯᠬᠤ ᠬᠡᠷᠡᠭᠲᠡᠢ᠃ | ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ | ᠴᠢᠩᠭᠠᠳᠬᠠᠵᠤ᠂ ᠴᠠᠭ ᠤᠨ ᠬᠡᠮᠵᠢᠶ᠎ᠡ ᠪᠠ ᠦᠷ᠎ᠡ ᠪᠦᠲᠦᠮᠵᠢ ᠶᠢ ᠨᠢᠭᠡᠳᠦᠯᠲᠡᠢ ᠲᠥᠯᠥᠪᠯᠡᠨ ᠡᠵᠡᠮᠳᠡᠵᠦ᠂ ᠡᠭᠦᠷᠭᠡ ᠶᠢ | ᠨᠠᠶᠢᠳᠠᠪᠤᠷᠢᠵᠢᠭᠤᠯᠬᠤ ᠳᠠᠭᠠᠨ ᠲᠦᠷᠭᠡᠨ ᠭᠦᠢᠴᠡᠳᠬᠡᠬᠦ᠂ ᠴᠠᠭ ᠲᠤᠬᠠᠢ ᠳᠤᠨᠢ ᠬᠠᠷᠢᠭᠤ ᠲᠤᠰᠬᠠᠬᠤ ᠶᠢ ᠴᠢᠩᠭ᠎ᠠ | ᠠᠳᠬᠤᠵᠤ᠂ ᠬᠤᠷᠳᠤᠨ ᠮᠣᠷᠢᠨ ᠳᠤ ᠲᠠᠰᠢᠭᠤᠷ ᠨᠡᠮᠡᠬᠦ ᠰᠠᠶᠢᠨ ᠰᠤᠷᠲᠠᠯ ᠢᠶᠠᠷ ᠠᠵᠢᠯ ᠬᠢᠵᠦ ᠦᠢᠯᠡᠰ ᠴᠣᠭᠴᠠᠯᠠᠬᠤ | ᠰᠢᠨ᠎ᠡ ᠠᠶᠠᠯᠠᠯ ᠤᠨ ᠲᠡᠮᠳᠡᠭ ᠢ ᠭᠠᠷᠭᠠᠬᠤ ᠬᠡᠷᠡᠭᠲᠡᠢ᠃ ᠪᠣᠳᠠᠲᠠᠢ ᠪᠠᠷ ᠠᠵᠢᠯᠯᠠᠬᠤ ᠶᠢ ᠳᠡᠭᠡᠳᠦᠯᠡᠬᠦ ᠬᠥᠮᠥᠨ | ᠰᠣᠩᠭᠤᠵᠤ ᠬᠡᠷᠡᠭᠯᠡᠬᠦ ᠪᠠᠷᠢᠮᠵᠢᠶ᠎ᠠ ᠶᠢ ᠲᠣᠪᠤᠶᠢᠯᠭᠠᠨ᠂ ᠳᠣᠣᠷ᠎ᠠ ᠨᠠᠮᠪᠠ ᠲᠠᠢ ᠪᠣᠳᠠᠲᠠᠢ ᠶᠢ ᠡᠷᠬᠢᠮᠯᠡᠬᠦ ᠶᠢ ᠥᠯᠥ | ᠰᠤᠷᠲᠠᠯᠴᠢᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠢᠳᠬᠦᠯ ᠴᠢᠷᠮᠠᠶᠢᠯᠭ᠎ᠠ ᠲᠠᠢ ᠠᠳᠠᠯᠢᠳᠬᠠᠬᠤ ᠶᠢ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠡᠪ ᠵᠠᠩᠰᠢᠯ ᠪᠣᠯᠭᠠᠬᠤ ᠬᠡᠷᠡᠭᠲᠡᠢ᠃ ︽ᠴᠢᠩᠭ᠎ᠠ︾ᠭᠡᠬᠦ ᠭᠤᠣᠯ | ᠬᠦᠭ ᠠᠶᠠᠰ ᠢ ᠪᠠᠷᠢᠮᠲᠠᠯᠠᠵᠤ᠂ ᠡᠷᠬᠡ ᠶᠢ ᠪᠢᠰᠢᠷᠡᠨ ᠵᠢᠷᠦᠬᠡᠰᠢᠶᠡᠵᠦ᠂ ᠡᠷᠬᠡ ᠶᠢ ᠰᠠᠶᠢᠲᠤᠷ ᠬᠠᠮᠢᠶᠠᠷᠴᠤ᠂ ᠡᠷᠬᠡ ᠶᠢ | ᠪᠣᠯᠭᠤᠮᠵᠢᠲᠠᠢ ᠬᠡᠷᠡᠭᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠠᠷᠠᠳ ᠤᠨ | ᠢᠲᠡᠭᠡᠯ ᠢ ᠣᠯᠵᠤ᠂ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠰᠠᠯᠬᠢ ᠳᠠᠪᠠᠯᠭᠠᠨ ᠢ ᠵᠦᠰᠦᠨ᠂ ᠰᠢᠨ᠎ᠡ ᠪᠠᠶᠢᠳᠠᠯ ᠢ ᠵᠣᠷᠢᠭᠲᠠᠢ ᠪᠠᠷ ᠨᠡᠭᠡᠭᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ | ᠬᠠᠭᠤᠳᠠᠰᠤ ᠶᠢ ᠪᠢᠴᠢᠭᠯᠡᠬᠦ ᠳᠤ ᠨᠠᠩ ᠣᠯᠠᠨ ᠨᠠᠩ ᠶᠡᠭᠡ ᠬᠤᠪᠢ ᠨᠡᠮᠡᠷᠢ ᠦᠵᠡᠭᠦᠯᠦᠨ᠎ᠡ︕ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |