ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/5
     ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠬᠡᠳᠤᠷᠬᠡᠢ ᠮᠠᠯᠵᠢᠬᠤ ᠠᠰᠠᠭᠤᠳᠠᠯ ᠤᠨ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠬᠦ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠤᠳᠤᠭ ᠪᠡᠯᠴᠢᠭᠡᠷ ᠬᠡᠳᠤᠷᠬᠡᠢ ᠮᠠᠯᠵᠢᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠂ ᠨᠤᠳᠤᠭ ᠪᠡᠯᠴᠢᠭᠡᠷ ᠢ ᠰᠡᠷᠬᠦᠭᠡᠬᠦ ᠪᠠ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠶᠢᠨ ᠲᠦᠯᠦᠭᠡ᠂ 1 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠨᠤᠳᠤᠭ ᠪᠡᠯᠴᠢᠭᠡᠷ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠳᠠ ᠶᠢᠨ ᠴᠡᠭ ᠤᠨ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧᠦ ᠵᠢᠶᠦ᠋ᠨ ᠢᠦᠶ ᠬᠤᠷᠠᠯ ᠡᠷᠭᠢᠯᠡᠵᠦ᠂ ᠳᠡᠳ᠋ ᠬᠤᠰᠢᠭᠤᠨ ᠳᠠᠷᠤᠭ᠎ᠠ ᠷᠧᠨ ᠯᠢ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠳᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ︾  ᠢ ᠤᠯᠠᠮᠵᠢᠯᠠᠪᠠ︔ ︽ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠦᠬᠡᠷ ᠬᠤᠨᠢᠨ ᠤ ᠲᠤᠭ᠎ᠠ ᠬᠡᠮᠵᠢᠶ᠎ᠡ ᠵᠢᠴᠢ ᠰᠠᠭᠤᠷᠢ ᠲᠥᠬᠦᠭᠡᠷᠦᠮᠵᠢ ᠶᠢᠨ ᠪᠠᠶᠢᠳᠠᠯ ᠤᠨ ᠪᠠᠶᠢᠳᠠᠯ ᠢ ᠣᠶᠢᠯᠠᠭᠠᠬᠤ ᠬᠦᠰᠦᠨᠦᠭᠲᠦ︾ ︽ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠦᠬᠡᠷ ᠬᠤᠨᠢᠨ ᠤ ᠲᠤᠭ᠎ᠠ ᠬᠡᠮᠵᠢᠶ᠎ᠡ ᠵᠢᠴᠢ ᠰᠠᠭᠤᠷᠢ ᠲᠥᠬᠦᠭᠡᠷᠦᠮᠵᠢ ᠶᠢᠨ ᠪᠠᠶᠢᠳᠠᠯ ᠤᠨ ᠪᠠᠶᠢᠳᠠᠯ ᠢ ᠣᠶᠢᠯᠠᠭᠠᠬᠤ ᠬᠦᠰᠦᠨᠦᠭᠲᠦ︾ ᠳᠤ ᠲᠠᠶᠢᠯᠤᠮᠵᠢ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠣᠯ ᠤᠯᠠᠭᠠᠨᠴᠠᠪ ᠬᠤᠲᠠ ᠶᠢᠨ ᠴᠣᠷ ᠤᠨ ᠭᠠᠭᠴᠠ ᠲᠤᠷᠰᠢᠯᠲᠠ ᠶᠢᠨ ᠬᠤᠰᠢᠭᠤ ᠰᠢᠶᠠᠨ ᠮᠥᠨ᠂ ᠡᠯ᠎ᠡ ᠰᠤᠮᠤ ᠰᠢᠶᠠᠩ ᠪᠠᠯᠭᠠᠰᠤ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠲᠤᠷᠰᠢᠯᠲᠠ ᠶᠢᠨ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠨᠢ ᠵᠢᠯᠤᠭᠤᠳᠴᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠠᠢ ᠬᠡᠷᠡᠭᠵᠢᠭᠦᠯᠵᠦ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠰᠥᠯ ᠤᠨ ᠳᠦᠷᠢᠮ ᠢ ᠲᠣᠳᠣᠷᠬᠠᠢ ᠲᠣᠭᠲᠠᠭᠠᠵᠤ᠂ ᠬᠠᠮᠢᠶ᠎ᠠ ᠪᠦᠬᠦᠢ ᠨᠢᠭᠡᠴᠡ ᠨᠦᠭᠦᠳ ᠪᠣᠳᠠᠲᠠᠢ ᠠᠴᠠ ᠡᠭᠦᠰᠴᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠤᠷᠰᠢᠯᠲᠠ ᠶᠢᠨ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠠᠵᠢᠯ ᠤᠨ ᠰᠠᠶᠢᠨ ᠡᠬᠢᠯᠡᠯᠲᠡ ᠲᠠᠢ᠂ ᠰᠠᠶᠢᠨ ᠡᠬᠢᠯᠡᠯᠲᠡ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠡᠭᠦᠷᠭᠡ ᠶᠢ ᠨᠠᠷᠢᠯᠢᠭᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠨᠠᠷᠢᠯᠢᠭᠵᠢᠭᠤᠯᠤᠨ ᠵᠠᠳᠠᠯᠵᠤ᠂ ᠨᠠᠷᠢᠨ ᠲᠠᠩᠰᠠᠴᠢᠯᠠᠭᠰᠠᠨ᠂ ᠲᠥᠷᠥᠯ ᠵᠦᠶᠯᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠵᠢᠷᠤᠭ ᠡᠯᠭᠦᠨ ᠪᠠᠶᠢᠯᠳᠤᠵᠤ᠂ ᠬᠦᠰᠦᠨᠦᠭᠲᠦ ᠪᠠᠷ ᠲᠦᠯᠬᠢᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢᠨ ᠬᠠᠮᠲᠤ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠨᠤᠲᠤᠭ ᠪᠡᠯᠴᠢᠭᠡᠷ ᠤᠨ ᠮᠠᠯᠵᠢᠬᠤ ᠣᠷᠣᠨ ᠤ ᠬᠥᠭᠵᠢᠯᠲᠡ ᠶᠢᠨ ᠪᠣᠳᠠᠲᠠᠢ ᠳᠤ ᠨᠡᠶᠢᠴᠡᠬᠦ ᠠᠮᠵᠢᠯᠲᠠ ᠲᠠᠢ ᠲᠤᠷᠰᠢᠯᠭ᠎ᠠ ᠪᠠ ᠵᠠᠭᠪᠤᠷ ᠢ ᠠᠭᠤᠳᠠᠯᠤᠨ ᠳ᠋ᠦᠩᠨᠡᠵᠦ᠂ ᠵᠢᠯ ᠤᠨ ᠡᠴᠦᠰ ᠤᠨ ᠡᠯ᠎ᠡ ᠵᠦᠢᠯ ᠤᠨ ᠡᠭᠦᠷᠭᠡ ᠳᠤ ᠴᠥᠮ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃                  ᠵᠣᠬᠢᠶᠠᠭᠴᠢ᠄ ᠴᠢᠮᠡᠭᠡᠯᠡᠭᠴᠢ᠄ ᠰᠦᠨ ᠯᠢ ᠨᠠ᠂ ᠸᠠᠩ ᡁᠢ ᠸᠧᠨ                 ᠤᠷᠴᠢᠭᠤᠯᠤᠭᠴᠢ᠄ ᠰᠤᠷᠤᠨ᠎ᠠ                 ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号