ᠤᠯᠠᠭᠠᠨᠬᠠᠳᠠ ᠭᠠᠵᠠᠷ ᠰᠢᠨᠵᠢᠯᠡᠭᠡᠨ ᠤ ᠴᠡᠴᠡᠷᠯᠢᠭ 4A ᠲᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/10/14
      10 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠵᠠᠷᠯᠠᠯ︾ ᠢ ᠦᠨᠳᠦᠰᠦᠯᠡᠪᠡᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠭᠠᠵᠠᠷ ᠰᠢᠨᠵᠢᠯᠡᠭᠡᠨ ᠤ ᠴᠡᠴᠡᠷᠯᠢᠭ ᠤᠨ ᠵᠢᠭᠤᠯᠴᠢᠯᠠᠯ ᠤᠨ ᠣᠷᠣᠨ ᠳᠤ 2024 ᠣᠨ ᠳᠤ A ᠲᠠᠰ ᠤᠨ ᠵᠢᠭᠤᠯᠴᠢᠯᠠᠯ ᠤᠨ ᠣᠷᠣᠨ ᠤ ᠨᠡᠷᠡᠰ ᠢ ᠰᠢᠨ᠎ᠡ ᠪᠠᠷ ᠰᠢᠯᠭᠠᠨ ᠲᠣᠭᠲᠠᠭᠠᠵᠤ᠂ 4A ᠶᠢ ᠰᠢᠯᠭᠠᠨ ᠲᠣᠭᠲᠠᠭᠠᠬᠤ ᠪᠠᠷ ᠲᠥᠯᠥᠪᠯᠡᠵᠦ ᠪᠣᠶ᠃       ᠡᠨᠡ ᠬᠦ ᠢᠷᠠᠭᠤ ᠠᠯᠳᠠᠷ ᠪᠣᠯ ᠤᠯᠠᠭᠠᠨᠬᠠᠳᠠ ᠭᠠᠵᠠᠷ ᠰᠢᠨᠵᠢᠯᠡᠭᠡᠨ ᠤ ᠴᠡᠴᠡᠷᠯᠢᠭ ᠢ ᠭᠦᠢᠴᠡᠳ ᠮᠡᠳᠡᠷᠡᠭᠳᠡᠭᠰᠡᠨ ᠪᠠ ᠳᠡᠭᠡᠳᠦ ᠬᠡᠮᠵᠢᠶ᠎ᠡ ᠪᠠᠷ ᠦᠨᠡᠯᠡᠭᠰᠡᠨ ᠶᠠᠪᠤᠳᠠᠯ ᠪᠣᠯᠤᠨ᠎ᠠ᠃ ᠴᠡᠴᠡᠷᠯᠢᠭ ᠨᠢ ᠤᠶᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠴᠢᠷᠮᠠᠶᠢᠨ ᠪᠣᠶ ᠪᠣᠯᠭᠠᠵᠤ᠂ ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃                                          ᠵᠣᠬᠢᠶᠠᠭᠴᠢ᠄ ᠰᠦᠨ ᠯᠢ ᠨᠠ                                         ᠤᠷᠴᠢᠭᠤᠯᠤᠭᠴᠢ᠄ ᠡᠷᠳᠡᠨᠢᠴᠢᠮᠡᠭ                                         ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号