10 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠰᠦᠨ ᠭᠦᠸᠧ ᠮᠢᠩ ᠨᠡᠷ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠤᠳᠤᠷᠢᠳᠤᠯᠭ᠎ᠠ | ᠴᠢᠶᠣᠤ ᠰᠢᠶᠣᠣ ᠶᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ | ᠪᠣᠯᠪᠠ᠃ | | ᠰᠦᠨ ᠭᠦᠸᠧ ᠮᠢᠩ ᠨᠡᠷ ᠤᠷᠢᠳ ᠬᠤᠵᠢᠳ ᠤᠯᠠᠭᠠᠨᠴᠠᠪ · ᠤᠯᠠᠭᠠᠨᠬᠠᠳᠠ ᠭᠠᠯᠲᠤ ᠠᠭᠤᠯᠠ ᠶᠢᠨ ᠡᠮᠦᠨ᠎ᠡ | ᠵᠤᠭᠠᠴᠠᠭᠰᠠᠳ ᠲᠤ ᠦᠢᠯᠡᠴᠢᠯᠡᠬᠦ ᠲᠥᠪ ᠵᠡᠷᠭᠡ ᠭᠠᠵᠠᠷ ᠲᠤ ᠬᠦᠷᠴᠦ᠂ ᠦᠵᠡᠮᠵᠢ ᠶᠢᠨ ᠣᠷᠣᠨ ᠤ ᠦᠨᠳᠦᠰᠦᠨ | ᠪᠠᠶᠢᠳᠠᠯ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠢᠴᠢ ᠵᠤᠭᠠᠴᠠᠯ ᠤᠨ ᠦᠢᠯᠡᠴᠢᠯᠡᠭᠡᠨ ᠤ ᠢᠵᠢ | ᠪᠦᠷᠢᠳᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠤᠨ | ᠲᠥᠯᠥᠪᠵᠢᠭᠦᠯᠭᠡ ᠪᠣᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ | ᠲᠤᠬᠠᠶ ᠶᠢᠨ ᠭᠠᠵᠠᠷ ᠤᠨ ᠡᠬᠢ ᠪᠠᠶᠠᠯᠢᠭ ᠢ ᠬᠡᠷᠬᠢᠨ ᠨᠠᠩ ᠰᠠᠶᠢᠲᠤᠷ ᠠᠰᠢᠭᠯᠠᠨ ᠡᠪᠦᠯ ᠤᠨ ᠤᠯᠠᠷᠢᠯ ᠤᠨ | ᠵᠢᠭᠤᠯᠴᠢᠯᠠᠯ ᠢ ᠬᠥᠭᠵᠢᠭᠦᠯᠬᠦ ᠲᠤᠬᠠᠶ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃ | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤ ᠥᠪᠡᠷᠮᠢᠴᠡ ᠣᠨᠴᠠᠯᠢᠭ ᠲᠠᠢ ᠭᠠᠯᠲᠤ ᠠᠭᠤᠯᠠ ᠶᠢᠨ ᠡᠬᠢ ᠪᠠᠶᠠᠯᠢᠭ ᠪᠠ ᠳᠥᠭᠦᠮ ᠳᠥᠲᠡ ᠵᠠᠮ | ᠬᠠᠷᠢᠯᠴᠠᠭᠠᠨ ᠤ ᠨᠥᠬᠦᠴᠡᠯ ᠲᠠᠢ ᠪᠠᠶᠢᠵᠤ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠵᠢᠭᠤᠯᠴᠢᠯᠠᠯ ᠤᠨ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠬᠡᠷᠡᠭᠲᠡᠶ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠵᠢᠭᠤᠯᠴᠢᠯᠠᠭᠰᠠᠳ ᠲᠤ ᠨᠡᠩ ᠰᠠᠶᠢᠨ ᠵᠢᠭᠤᠯᠴᠢᠯᠠᠯ ᠤᠨ ᠣᠶᠢᠯᠠᠭᠠᠯᠲᠠ ᠬᠠᠩᠭᠠᠬᠤ ᠬᠡᠷᠡᠭᠲᠡᠢ᠃ | ᠡᠪᠦᠯ ᠤᠨ ᠤᠯᠠᠷᠢᠯ ᠤᠨ ᠵᠤᠭᠠᠴᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠶᠢᠨ | ᠪᠣᠰᠤᠭ᠎ᠠ ᠴᠣᠭᠴᠠᠲᠤ ᠤᠬᠠᠭᠤᠯᠭ᠎ᠠ ᠶᠢᠨ ᠬᠡᠯᠪᠡᠷᠢ ᠪᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠡᠪᠦᠯ ᠤᠨ ᠤᠯᠠᠷᠢᠯ ᠤᠨ ᠵᠤᠭᠠᠴᠠᠯ ᠤᠨ ᠡᠬᠢ ᠪᠠᠶᠠᠯᠢᠭ ᠪᠣᠯᠤᠨ ᠵᠤᠭᠠᠴᠠᠯ ᠤᠨ ᠲᠦᠷᠦᠯ ᠵᠦᠢᠯ ᠢ ᠪᠦᠬᠦ ᠤᠯᠤᠰ | ᠴᠢᠨᠠᠭᠰᠢᠯᠠᠪᠠᠯ ᠳᠡᠯᠡᠬᠡᠢ ᠶᠢᠨ ᠡᠯ᠎ᠡ ᠭᠠᠵᠠᠷ ᠲᠤ ᠬᠥᠮᠦᠨ ᠪᠦᠬᠦᠨ ᠳᠤ ᠮᠡᠳᠡᠭᠦᠯᠵᠦ᠂ ᠨᠡᠩ ᠤᠯᠠᠨ ᠵᠤᠭᠠᠴᠠᠭᠰᠠᠳ ᠤᠨ | ᠠᠩᠬᠠᠷᠤᠯ ᠢ ᠲᠠᠲᠠᠬᠤ ᠬᠡᠷᠡᠭᠲᠡᠢ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠪᠠᠨ ᠴᠢᠩᠭᠠᠳᠬᠠᠵᠤ᠂ ᠡᠪᠦᠯ ᠤᠨ ᠤᠯᠠᠷᠢᠯ ᠤᠨ ᠵᠤᠭᠠᠴᠠᠯ ᠤᠨ ᠦᠢᠯᠡᠰ ᠤᠨ ᠴᠡᠴᠡᠭᠯᠡᠨ ᠬᠥᠭᠵᠢᠬᠦ ᠶᠢ | ᠬᠠᠮᠵᠢᠯᠴᠠᠨ ᠠᠬᠢᠭᠤᠯᠬᠤ ᠬᠡᠷᠡᠭᠲᠡᠢ᠃ | | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠰᠡᠳᠬᠢᠴᠡ ᠪᠠ ᠪᠣᠳᠣᠯᠬᠢᠯᠠᠯ ᠬᠠᠩᠭᠠᠵᠤ᠂ | ᠲᠠᠷᠠᠭᠠᠴᠢ ᠶᠢᠨ ᠠᠯᠬᠤᠮ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠪᠦᠯ ᠤᠨ ᠤᠯᠠᠷᠢᠯ ᠤᠨ | ᠵᠢᠭᠤᠯᠴᠢᠯᠠᠯ ᠤᠨ ᠲᠥᠷᠥᠯ ᠵᠦᠢᠯ ᠤᠨ ᠲᠥᠯᠥᠪᠵᠢᠭᠦᠯᠭᠡ ᠪᠠ ᠬᠡᠷᠡᠭᠵᠢᠭᠦᠯᠦᠯᠲᠡ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠲᠡᠮᠳᠡᠭ ᠢ | ᠴᠢᠷᠮᠠᠶᠢᠨ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠤᠨ ᠴᠡᠴᠡᠭᠯᠡᠨ | ᠬᠥᠭᠵᠢᠬᠦ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | | | | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠨᠠᠷᠬᠡᠷᠡᠯ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |