ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/10/21
   10 ᠰᠠᠷ᠎ᠠ ᠶᠢᠨ 18 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠤ ᠴᠢᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠣᠣ ᠯᠧ ᠵᠢᠶ ᠬᠤᠷᠢᠶᠠᠨ ᠳᠠᠷᠤᠭ᠎ᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ᠃
   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠳᠦ ᠶᠢᠨ ᠵᠣᠷᠢᠯᠲᠠ ᠲᠠᠢ ᠪᠠᠶᠢᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠠᠶᠠᠯᠢᠭᠵᠢᠭᠤᠯᠤᠨ ᠬᠥᠭᠵᠢᠭᠦᠯᠪᠡ᠃ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 70 ᠵᠢᠯ ᠤᠨ ᠲᠤᠷᠰᠢᠬᠢ ᠡᠷᠬᠢᠮ ᠨᠠᠨᠳᠢᠨ ᠲᠤᠷᠰᠢᠯᠭ᠎ᠠ ᠶᠢᠨ ᠰᠡᠩᠬᠡᠷᠡᠭᠦᠯᠦᠯ ᠠᠴᠠ ᠤᠶᠤᠨ ᠰᠠᠨᠠᠭᠠᠨ ᠤ ᠬᠦᠴᠦᠨ ᠴᠢᠳᠠᠯ ᠪᠠ ᠦᠢᠯᠡᠳᠦᠯᠭᠡ ᠶᠢᠨ ᠤᠶᠤᠨ ᠤᠬᠠᠭᠠᠨ ᠢ ᠰᠢᠩᠭᠡᠭᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠰᠠᠭᠤᠷᠢ᠂ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠢ ᠰᠠᠶᠢᠲᠤᠷ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠬᠡᠷᠡᠭᠵᠢᠭᠦᠯᠵᠦ᠂ ᠰᠠᠶᠢᠲᠤᠷ ᠬᠡᠷᠡᠭᠵᠢᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃    ᠬᠤᠷᠠᠯ ᠠᠴᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠪᠣᠯᠤᠨ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠴᠢᠩᠭ᠎ᠠ ᠲᠥᠯᠥᠪᠵᠢᠭᠦᠯᠦᠨ ᠠᠬᠢᠭᠤᠯᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ ᠬᠠᠲᠠᠭᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠲᠥᠯᠥᠭᠡᠯᠡᠭᠴᠢᠳ ᠤᠨ ᠠᠵᠢᠯ ᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠶᠡᠬᠡᠪᠡᠷ ᠥᠷᠨᠢᠭᠦᠯᠵᠦ᠂ ᠪᠠᠶᠢᠭᠤᠯᠭ᠎ᠠ ᠶᠢᠨ ᠪᠠᠶᠢᠭᠤᠯᠤᠯᠲᠠ ᠪᠠ ᠰᠤᠷᠲᠠᠯ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠪᠠᠶᠢᠭᠤᠯᠭ᠎ᠠ ᠶᠢᠨ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠵᠤ ᠬᠡᠷᠡᠭᠯᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠬᠡᠬᠦ᠂ ᠠᠷᠠᠳᠴᠢᠯᠠᠯ ᠢ ᠪᠠᠳᠠᠷᠠᠭᠤᠯᠬᠤ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ︵ᠬᠤᠶᠠᠳᠤᠭᠠᠷ ᠬᠤᠭᠤᠴᠠᠭ᠎ᠠ︶ ᠶᠢ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠦᠭᠰᠡᠨ ᠪᠥᠭᠡᠳ ︽ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠺᠠᠳ᠋ᠷ ᠤᠨ ᠪᠣᠯᠪᠠᠰᠤᠷᠠᠯ ᠤᠨ ᠠᠩᠬᠢ ᠶᠢᠨ ᠪᠣᠯᠪᠠᠰᠤᠷᠠᠯ ᠤᠨ ᠪᠠᠶᠢᠳᠠᠯ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠹᠸᠢ ᠮᠢᠩ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠬᠦ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠵᠡᠷᠭᠡ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃                                                ᠤᠷᠴᠢᠭᠤᠯᠤᠭᠴᠢ᠄ ᠰᠤᠷᠤᠨ᠎ᠠ                                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号