10 ᠰᠠᠷ᠎ᠠ ᠶᠢᠨ 18 ᠤ ᠡᠳᠦᠷ᠂ ᠤᠯᠠᠭᠠᠨᠴᠠᠪ ᠬᠤᠲᠠ ᠶᠢᠨ ︽ᠭᠤᠷᠪᠠᠨ ᠳᠠᠷᠤᠭ᠎ᠠ︾ ᠶᠢᠨ ᠪᠥᠲᠥᠭᠡᠨ | ᠪᠠᠶᠢᠭᠤᠯᠤᠯᠲᠠ ᠶᠢᠨ ᠭᠤᠷᠪᠠᠨ ᠶᠡᠭᠡ ᠳᠠᠭᠠᠭᠤᠯᠤᠭᠴᠢ ᠭᠤᠷᠪᠠᠳᠤᠭᠠᠷ ᠠᠩᠭᠢ︾ ᠶᠢᠨ ᠲᠤᠷᠰᠢᠯᠲᠠ ᠶᠢᠨ ᠠᠵᠢᠯ ᠤᠨ | ᠡᠬᠢᠯᠡᠯᠲᠡ ᠶᠢᠨ ᠶᠣᠰᠣᠯᠠᠯ ᠵᠢᠴᠢ ︽ᠭᠤᠷᠪᠠᠨ ᠳᠠᠷᠤᠭ᠎ᠠ︾ ᠶᠢᠨ ᠪᠣᠯᠪᠠᠰᠤᠷᠠᠭᠤᠯᠤᠯ ᠤᠨ ᠬᠤᠷᠠᠯ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ | ᠷᠦᠩ ᠴᠠᠩ ᠫᠢᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠬᠡᠯᠲᠡᠰ ᠤᠨ ᠳᠠᠷᠤᠭ᠎ᠠ ᠯᠢᠦ ᠸᠧᠶ ᠵᠢᠶᠠᠩ᠂ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠸᠧᠨ ᠰᠢᠶᠠᠩ᠂ ᠤᠯᠠᠭᠠᠨᠴᠠᠪ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠶᠣᠣ ᡁᠢ ᠵᠢᠶᠧ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠤᠳᠤᠷᠢᠳᠤᠯᠭ᠎ᠠ ᠾᠧᠦ | ᠵᠢᠶᠦ᠋ᠨ ᠢᠦᠶ᠂ ᠵᠠᠩ ᠳ᠋ᠧᠩ ᠹᠧᠩ᠂ ᠷᠧᠨ ᠯᠢ᠂ ᠵᠣᠣ ᠬᠠᠶ ᠫᠢᠩ ᠬᠤᠷᠠᠯ ᠳᠤ ᠣᠷᠣᠯᠴᠠᠪᠠ︔ ᠾᠧᠦ ᠵᠢᠶᠦ᠋ᠨ | ᠢᠦᠶ ᠬᠤᠷᠠᠯ ᠢ ᠡᠷᠭᠢᠯᠡᠪᠡ᠃ ᠡᠯ᠎ᠡ ᠰᠤᠮᠤ ᠰᠢᠶᠠᠩ ᠪᠠᠯᠭᠠᠰᠤ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠰᠢᠨᠵᠢᠯᠡᠬᠦ ᠤᠬᠠᠭᠠᠨ | ᠮᠡᠷᠭᠡᠵᠢᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ | ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠡᠷᠡᠭᠦᠯ | ᠬᠠᠮᠠᠭᠠᠯᠠᠯ ᠤᠨ ᠰᠢᠰᠲ᠋ᠧᠮ ᠤᠨ ︽ᠭᠤᠷᠪᠠᠨ ᠳᠠᠷᠤᠭ᠎ᠠ︾ ᠶᠢᠨ ᠠᠵᠢᠯᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠥᠬᠦ ᠺᠠᠳ᠋ᠷ ᠠᠵᠢᠯᠲᠠᠨ | ᠬᠤᠷᠠᠯ ᠳᠤ ᠣᠷᠣᠯᠴᠠᠵᠠᠶ᠃ | | ᠬᠤᠷᠠᠯ ᠳᠡᠭᠡᠷ᠎ᠡ᠂ ᠶᠣᠣ ᡁᠢ ᠵᠢᠶᠧ ︽ᠭᠤᠷᠪᠠᠨ ᠳᠠᠷᠤᠭ᠎ᠠ ᠵᠢᠶᠠᠨ ᠭᠤᠷᠪᠠᠳᠤᠭᠠᠷ ᠠᠩᠭᠢ︾ ᠶᠢᠨ | ᠲᠤᠷᠰᠢᠯᠲᠠ ᠶᠢᠨ ᠴᠡᠭ ᠤᠨ ᠠᠵᠢᠯ ᠤᠨ ᠵᠣᠷᠢᠯᠭ᠎ᠠ ᠶᠢᠨ ᠠᠴᠢ ᠬᠤᠯᠪᠣᠭᠳᠠᠯ᠂ ᠠᠵᠢᠯ ᠤᠨ ᠲᠣᠭᠲᠠᠴᠠ ᠵᠡᠷᠭᠡ ᠶᠢᠨ | ᠲᠤᠬᠠᠶ ᠨᠠᠷᠢᠨ ᠲᠠᠶᠢᠯᠪᠤᠷᠢᠯᠠᠯᠲᠠ ᠪᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠤᠷᠰᠢᠯᠲᠠ ᠶᠢᠨ | ᠴᠡᠭ ᠤᠨ ᠠᠵᠢᠯ ᠥᠷᠨᠢᠭᠦᠯᠬᠦ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃ | ᠵᠠᠩ ᠵᠢᠶᠠᠨ ᠪᠢᠨ ᠲᠠᠶᠢᠴᠢᠯᠠᠯᠳᠠ ᠶᠢᠨ ᠶᠠᠷᠢᠶᠠᠨ ᠳᠠᠭᠠᠨ ︽ᠶᠠᠭᠤᠨ ᠳᠤ ᠪᠠᠶᠢᠭᠤᠯᠬᠤ᠂ ᠬᠡᠷᠬᠢᠨ ᠪᠠᠶᠢᠭᠤᠯᠬᠤ᠂ | ᠪᠠᠶᠢᠭᠤᠯᠤᠭᠰᠠᠨ ᠤ ᠳᠠᠷᠠᠭ᠎ᠠ ᠶᠠᠭᠤ ᠶᠢ ᠬᠢᠬᠦ᠂ ᠪᠠᠶᠢᠭᠤᠯᠤᠭᠰᠠᠨ ᠤ ᠳᠠᠷᠠᠭ᠎ᠠ ᠬᠡᠷᠬᠢᠨ ᠵᠢᠷᠤᠮᠵᠢᠭᠤᠯᠤᠨ ᠬᠠᠮᠢᠶᠠᠷᠬᠤ︾ | ᠵᠡᠷᠭᠡ ᠠᠰᠠᠭᠤᠳᠠᠯ ᠤᠨ ᠲᠣᠭᠤᠷᠢᠨ ᠳᠤ ᠭᠦᠨᠵᠡᠭᠡᠢ ᠨᠠᠷᠢᠨ ᠬᠢᠨᠠᠮᠠᠭᠠᠢ ᠲᠣᠳᠣᠷᠬᠠᠶᠢᠯᠠᠨ ᠥᠭᠦᠯᠡᠵᠦ᠂ ︽ᠭᠤᠷᠪᠠᠨ | ᠳᠠᠷᠤᠭ᠎ᠠ ᠪᠠᠶᠢᠭᠤᠯᠬᠤ ᠭᠤᠷᠪᠠᠨ ᠬᠤᠷᠠᠯ ᠭᠤᠷᠪᠠᠨ ᠳᠤᠭᠤᠶᠢᠯᠠᠩ ᠪᠠᠶᠢᠭᠤᠯᠬᠤ︾ ᠠᠵᠢᠯ ᠢ ᠥᠷᠨᠢᠭᠦᠯᠬᠦ ᠪᠣᠯ | ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠤᠨ᠎ᠠ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠪᠦᠲᠦᠮᠵᠢᠲᠡᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠳᠠᠷᠤᠭ᠎ᠠ᠂ | ᠰᠤᠷᠭᠠᠭᠤᠯᠢ ᠶᠢᠨ ᠵᠠᠬᠢᠷᠤᠯ᠂ ᠲᠠᠷᠢᠶᠠᠯᠠᠩ ᠤᠨ ᠮᠡᠷᠭᠡᠵᠢᠯ ᠤᠨ ᠦᠷᠳᠡᠭᠡ ᠶᠢᠨ ᠳᠠᠷᠤᠭ᠎ᠠ ᠵᠡᠷᠭᠡ ︽ᠭᠤᠷᠪᠠᠨ ᠳᠠᠷᠤᠭ᠎ᠠ︾ | ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢ ᠠᠬᠢᠭᠤᠯᠵᠤ᠂ ᠲᠡᠭᠦᠨ ᠤ ᠮᠡᠷᠭᠡᠵᠢᠯ ᠤᠨ | ᠳᠠᠪᠠᠭᠤᠯᠢᠭ ᠢ ᠬᠥᠭᠵᠢᠭᠡᠵᠦ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠡᠷᠭᠡ ᠬᠦᠷᠢᠶᠡᠨ ᠤ ᠡᠷᠳᠡᠮ | ᠰᠢᠨᠵᠢᠯᠡᠭᠡᠨ ᠤ ᠪᠦᠯᠬᠦᠮ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ | ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠪᠣᠯᠤᠨ᠎ᠠ ᠭᠡᠵᠦ | ᠴᠢᠬᠤᠯᠠᠴᠢᠯᠠᠪᠠ᠃ | | ᠵᠠᠩ ᠵᠢᠶᠠᠨ ᠪᠢᠨ ᠱᠠᠭᠠᠷᠳᠠᠭᠰᠠᠨ ᠨᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠲᠦᠷᠦᠭᠦᠯᠡᠨ ᠬᠢᠬᠦ ᠶᠢ ᠠᠬᠢᠭᠤᠯᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ | ᠬᠠᠮᠢᠶ᠎ᠠ ᠪᠥᠬᠦᠶ ᠠᠵᠢᠯ ᠤᠨ ᠲᠥᠯᠥᠪᠯᠡᠭᠡ ᠪᠠᠨ ᠲᠣᠭᠲᠠᠭᠠᠬᠤ ᠬᠡᠷᠡᠭᠲᠡᠶ᠃ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠨᠡᠶᠢᠭᠡᠮᠯᠢᠭ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠮᠡᠨᠳᠦ ᠶᠢᠨ ᠨᠡᠶᠢᠭᠡᠮᠯᠢᠭ ᠪᠣᠯᠤᠨ ᠲᠠᠷᠢᠶᠠᠯᠠᠩ ᠤᠨ ᠮᠡᠷᠭᠡᠵᠢᠯ ᠤᠨ ᠤᠬᠠᠭᠠᠨ ᠤ ᠨᠡᠶᠢᠭᠡᠮᠯᠢᠭ ᠢ ᠰᠠᠶᠢᠲᠤᠷ ᠪᠠᠶᠢᠭᠤᠯᠬᠤ | ᠬᠡᠷᠡᠭᠲᠡᠢ᠃ ᠪᠠᠶᠢᠭᠤᠯᠤᠭᠰᠠᠨ ᠤ ᠳᠠᠷᠠᠭ᠎ᠠ᠂ ᠭᠤᠷᠪᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠰᠠᠶᠢᠲᠤᠷ | ᠳᠠᠭᠠᠭᠤᠯᠵᠤ᠂ ᠥᠷᠭᠡᠨ ᠣᠯᠠᠨ ︽ᠭᠤᠷᠪᠠᠨ ᠳᠠᠷᠤᠭ᠎ᠠ︾᠂ ︽ᠭᠤᠷᠪᠠᠨ ᠬᠤᠷᠠᠯ︾᠂ ︽ᠭᠤᠷᠪᠠᠨ ᠠᠩᠭᠢ︾ ᠶᠢᠨ | ᠠᠵᠢᠯ ᠤᠨ ᠢᠳᠡᠪᠬᠢᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠵᠦ᠂ ᠡᠴᠦᠰ ᠲᠡᠭᠡᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ︽ᠲᠥᠪᠯᠡᠷᠡᠭᠦᠯᠬᠦ︾᠂ ᠭᠤᠷᠪᠠᠨ ᠳᠠᠷᠤᠭ᠎ᠠ ᠶᠢᠨ ᠬᠥᠮᠦᠰ ᠢ ︽ | ᠬᠦᠴᠦᠷᠬᠡᠭᠵᠢᠭᠦᠯᠬᠦ︾᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ︽ᠠᠮᠢᠳᠤᠯᠢᠭᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ ᠶᠢ ︽ᠪᠣᠳᠠᠲᠠᠶᠢᠵᠢᠭᠤᠯᠬᠤ︾ | ᠦᠷ᠎ᠡ ᠪᠦᠲᠦᠮᠵᠢ ᠳᠤ ᠬᠦᠷᠭᠡᠬᠦ ᠬᠡᠷᠡᠭᠲᠡᠶ᠃ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠶᠢᠨ ᠳᠤᠮᠳᠠ᠂ ᠡᠭᠦᠷᠭᠡ | ᠲᠤᠰᠢᠶᠠᠯ ᠢᠶᠠᠨ ᠭᠦᠶ᠋ᠴᠡᠳᠬᠡᠬᠦ᠂ ᠪᠣᠯᠪᠠᠰᠤᠷᠠᠭᠤᠯᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ᠂ ᠱᠠᠩᠨᠠᠵᠤ | ᠲᠣᠷᠭᠠᠬᠤ᠂ ᠬᠠᠮᠵᠢᠯᠴᠠᠬᠤ ᠵᠡᠷᠭᠡ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ | ︽ᠭᠤᠷᠪᠠᠨ ᠳᠠᠷᠤᠭ᠎ᠠ︾ ᠶᠢᠨ ᠬᠥᠮᠦᠰ ᠢ ᠵᠢᠷᠤᠮᠵᠢᠭᠤᠨ᠂ ᠰᠠᠨᠠᠭ᠎ᠠ ᠠᠮᠤᠷ᠂ ᠪᠣᠳᠠᠲᠤ ᠦᠷ᠎ᠡ ᠪᠦᠲᠦᠮᠵᠢ ᠭᠠᠷᠭᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠳᠡᠭᠡᠷ᠎ᠡ᠂ ᠷᠧᠨ ᠯᠢ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︿ᠭᠤᠷᠪᠠᠨ ᠬᠤᠷᠠᠯ ᠤᠨ | ᠭᠤᠷᠪᠠᠳᠤᠭᠠᠷ ᠠᠩᠭᠢ﹀ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ︾ ᠪᠣᠳᠠᠲᠠᠶ ᠠᠭᠤᠯᠭ᠎ᠠ ᠶᠢ ᠨᠠᠷᠢᠨ | ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ | ᠬᠠᠷᠢᠭᠤᠴᠠᠯᠭ᠎ᠠ᠂ ᠪᠣᠳᠠᠲᠠᠶ ᠡᠭᠦᠷᠭᠡ ᠵᠢᠴᠢ ᠲᠣᠰ ᠠᠵᠢᠯ ᠢ ᠥᠷᠨᠢᠭᠦᠯᠬᠦ ᠴᠠᠭ ᠤᠨ ᠬᠦᠰᠦᠨᠦᠭᠲᠦ ᠶᠢ | ᠲᠣᠳᠣᠷᠬᠠᠶᠢᠯᠠᠵᠠᠶ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠵᠣᠣ ᠸᠧᠨ ᠰᠢᠶᠠᠩ ᠦᠨᠳᠦᠰᠦᠨ ᠱᠠᠲᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢᠨ ᠠᠵᠢᠯ᠂ ᠭᠤᠷᠪᠠᠨ ᠳᠠᠷᠤᠭ᠎ᠠ ᠶᠢᠨ ᠤᠶᠢᠯᠡᠳᠤᠯ ᠢ ᠪᠠᠳᠠᠷᠠᠭᠤᠯᠬᠤ᠂ ᠭᠤᠷᠪᠠᠨ ᠳᠠᠷᠤᠭ᠎ᠠ | ᠪᠠᠶᠢᠭᠤᠯᠬᠤ ᠭᠤᠷᠪᠠᠨ ᠬᠤᠷᠠᠯ ᠵᠡᠷᠭᠡ ᠲᠠᠯ᠎ᠠ ᠪᠠᠷ ᠲᠤᠰᠬᠠᠶ ᠰᠡᠳᠦᠪᠲᠦ ᠵᠢᠯᠣᠭᠤᠳᠣᠯᠭ᠎ᠠ ᠬᠢᠪᠠ᠃ | | | | | | ᠵᠣᠬᠢᠶᠠᠭᠴᠢ᠄ ᠴᠢᠮᠡᠭᠡᠯᠡᠭᠴᠢ᠄ ᠨᠠᠷᠬᠢᠯ᠂ ᠯᠢᠦ ᠵᠢᠶᠠ ᠯᠧ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |