ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 7 ᠤ ᠡᠳᠦᠷ ᠤᠨ ᠴᠠᠭᠢᠯᠭᠠᠨ ᠮᠡᠳᠡᠭᠡᠨ ᠤ | ᠣᠢᠭᠡᠷᠠᠴᠢᠯᠠᠯᠲᠠ ᠶᠢ ᠣᠯᠠᠮ ᠨᠢᠭᠡ ᠠᠯᠬᠤᠮ ᠪᠦᠭᠦ ᠲᠠᠯ᠎ᠠ ᠪᠠᠷ ᠬᠦᠢᠠᠵᠠᠭᠡᠶᠢᠷᠠᠭᠦᠯᠣᠠ᠂ ᠳᠣᠮᠲᠠᠲᠤ ᠤᠯᠤᠰ ᠤᠨ | ᠮᠠᠶ᠋ᠢᠭ ᠤᠨ ᠣᠲᠣᠭᠢᠴᠢᠯᠠᠯᠲᠠ ᠶᠢ ᠠᠭᠢᠭᠤᠯᠬᠤ ᠳᠣᠬᠠᠢ ᠳᠣᠮᠲᠠᠲᠤ ᠤᠯᠤᠰ ᠤᠨ ᠡᠪ ᠬᠠᠮᠲᠤ ᠨᠠᠮ ᠤᠨ ᠳᠦᠪ | ᠬᠤᠷᠢᠶᠠᠨ ᠤ ᠳᠣᠬᠲᠠᠭᠠᠯ ᠳᠤ ᠳᠣᠷᠠᠣᠠᠴᠠᠢ᠃ ᠡᠨᠡ ᠪᠣᠯ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ | ᠳᠦᠷᠢᠮ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠬᠥᠮᠥᠨ ᠤ ᠡᠷᠬᠡ ᠶᠢᠨ ᠬᠠᠤᠯᠢ | ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠪᠣᠯᠪᠠᠰᠤᠨ ᠢ ᠢᠯᠡᠷᠡᠭᠦᠯᠦᠨ᠂ ᠨᠡᠶᠢᠭᠡᠮ ᠤᠨ | ᠡᠰᠡᠷᠭᠦ ᠲᠠᠯ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠠᠵᠠᠭᠠᠶᠢᠷᠠᠬᠤ ᠬᠦᠴᠦᠨ ᠵᠦᠢᠯ ᠢ ᠢᠳᠡᠪᠬᠢ | ᠬᠦᠴᠦᠨ ᠵᠦᠢᠯ ᠪᠣᠯᠭᠠᠵᠤ᠂ ᠨᠡᠶᠢᠭᠡᠮ ᠤᠨ ᠳᠠᠪᠰᠢᠯᠲᠠ ᠶᠢ ᠠᠬᠢᠭᠤᠯᠬᠤ ᠳᠤ ᠠᠰᠢᠭᠲᠠᠢ ᠶᠤᠮ᠃ ᠡᠭᠦᠨ ᠳᠤ | ᠳᠤᠤᠷᠠᠬᠢ ᠭᠤᠷᠪᠠᠨ ᠲᠠᠯ᠎ᠠ ᠪᠠᠷ ᠣᠶᠢᠯᠠᠬᠠᠵᠤ ᠪᠤᠯᠤᠨ᠎ᠠ᠃ | ᠨᠢᠭᠡᠳᠦᠭᠡᠷ ᠲᠤ᠂ ᠡᠨᠡ ᠬᠦ ᠲᠦᠷᠢᠮ ᠨᠢ ᠠᠭᠤᠴᠢᠯᠠᠬᠤ ᠪᠠ ᠶᠠᠯᠠᠯᠠᠬᠤ ᠶᠢ ᠤᠶᠠᠯᠳᠤᠭᠤᠯᠬᠤ ᠡᠷᠡᠭᠦᠦ ᠶᠢᠨ | ᠬᠡᠷᠡᠭ ᠤᠨ ᠲᠦᠷᠦ ᠶᠢᠨ ᠪᠤᠳᠤᠯᠭ᠎ᠠ ᠶᠢ ᠢᠯᠡᠷᠡᠭᠦᠯᠦᠨ ᠨᠠᠶᠢᠳᠠᠪᠤᠷᠢᠵᠢᠭᠤᠯᠬᠤ ᠪᠠ ᠬᠥᠩᠭᠡᠪᠲᠦᠷ ᠶᠠᠯ᠎ᠠ ᠬᠢᠬᠦ ᠳᠤ | ᠲᠣᠬᠢᠷᠠᠨ᠎ᠠ᠂ ᠬᠦᠨᠳᠦ ᠶᠠᠯ᠎ᠠ ᠬᠢᠬᠦ ᠳᠤ ᠲᠤᠬᠢᠷᠠᠬᠤ ᠦᠭᠡᠢ᠃ ᠣᠶᠢᠷ᠎ᠠ ᠶᠢᠨ ᠵᠢᠯ ᠳᠤ᠂ ᠮᠠᠨ ᠤ ᠤᠯᠤᠰ ᠤᠨ | ᠡᠷᠡᠭᠦᠦ ᠶᠢᠨ ᠬᠡᠷᠡᠭ ᠤᠨ ᠪᠦᠷᠢᠯᠳᠦᠴᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠬᠦᠨᠳᠦ ᠶᠠᠯ᠎ᠠ ᠬᠢᠭᠰᠡᠨ | ᠬᠡᠷᠡᠭ ᠤᠨ ᠬᠠᠷᠢᠴᠠᠯ ᠳᠣᠷᠣᠭᠰᠢᠯᠠᠵᠤ᠂ ᠬᠥᠩᠭᠡᠨ ᠶᠠᠯ᠎ᠠ ᠬᠢᠭᠰᠡᠨ ᠬᠡᠷᠡᠭ ᠤᠨ ᠬᠠᠷᠢᠴᠠᠯ᠂ ᠡᠷᠡᠭᠦᠦ ᠰᠢᠳᠬᠡᠯ ᠤᠨ | ᠨᠣᠷᠮ᠎ᠠ ᠢᠯᠡᠳᠲᠡ ᠳᠡᠭᠡᠭᠰᠢᠯᠡᠪᠡ᠃ ᠬᠦᠨᠳᠦ ᠶᠠᠯ᠎ᠠ ᠶᠢᠨ ᠬᠡᠷᠡᠭ ᠲᠠᠢ ᠬᠠᠷᠢᠴᠠᠭᠤᠯᠪᠠᠯ᠂ ᠣᠯᠠᠩᠬᠢ ᠬᠥᠩᠭᠡᠨ | ᠬᠡᠷᠡᠭ ᠤᠨ ᠨᠡᠶᠢᠭᠡᠮ ᠤᠨ ᠬᠤᠣᠷ ᠬᠥᠨᠥᠭᠡᠯ ᠨᠢ ᠨᠡᠯᠢᠶᠡᠳ ᠪᠠᠭ᠎ᠠ᠂ ᠶᠠᠯ᠎ᠠ ᠶᠢᠨ ᠬᠠᠷᠢᠭᠤᠴᠠᠯᠭ᠎ᠠ ᠨᠢ ᠨᠡᠩ ᠬᠥᠩᠭᠡᠨ | ᠪᠠᠶᠢᠵᠤ᠂ ᠶᠠᠯ᠎ᠠ ᠬᠢᠭᠰᠡᠨ ᠬᠡᠲᠦ ᠬᠥᠩᠭᠡᠪᠲᠦᠷ ᠬᠥᠮᠦᠨ ᠲᠠᠢ ᠶᠠᠯ᠎ᠠ ᠪᠠᠨ ᠮᠡᠳᠡᠷᠡᠬᠦ ᠪᠣᠯᠤᠮᠵᠢ ᠨᠡᠯᠢᠶᠡᠳ ᠶᠡᠭᠡ᠂ ᠲᠠᠬᠢᠨ | ᠨᠡᠶᠢᠭᠡᠮ ᠳᠤ ᠠᠭᠤᠰᠤᠯᠴᠠᠬᠤ ᠨᠢ ᠨᠡᠯᠢᠶᠡᠳ ᠲᠦᠷᠭᠡᠨ᠂ ᠨᠡᠶᠢᠭᠡᠮ ᠤᠨ ᠬᠠᠷᠢᠴᠠᠭ᠎ᠠ ᠨᠢ ᠨᠡᠯᠢᠶᠡᠳ ᠰᠠᠶᠢᠨ ᠪᠠᠶᠢᠨ᠎ᠠ᠃ | ᠶᠠᠯ᠎ᠠ ᠬᠢᠭᠰᠡᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠬᠥᠩᠭᠡᠪᠲᠦᠷ ᠶᠠᠯ᠎ᠠ ᠪᠠ ᠬᠦᠨᠳᠦ ᠶᠠᠯ᠎ᠠ ᠶᠢ | ᠢᠯᠭᠠᠵᠤ᠂ ᠵᠥᠪᠬᠡᠨ ᠶᠠᠯ᠎ᠠ ᠬᠢᠬᠦ ᠭᠡᠬᠦ ᠡᠨᠡ ᠬᠦ ᠣᠨᠴᠠ ᠲᠣᠭᠲᠠᠭᠰᠠᠨ ᠪᠠᠶᠢᠳᠠᠯ ᠳᠤ ᠬᠡᠷᠡᠭᠯᠡᠵᠦ᠂ ᠤᠯᠤᠰ ᠤᠨ ᠠᠮᠤᠷ | ᠲᠦᠪᠰᠢᠨ ᠢ ᠬᠤᠬᠢᠷᠠᠭᠤᠯᠤᠭᠰᠠᠨ ᠶᠠᠯᠠᠲᠤ ᠬᠡᠷᠡᠭ᠂ ᠬᠠᠷ᠎ᠠ ᠨᠡᠶᠢᠭᠡᠮ ᠤᠨ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ | ᠶᠠᠯᠠᠲᠤ ᠠᠵᠢᠯᠯᠠᠭ᠎ᠠ᠂ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠵᠢᠴᠢ ᠠᠷᠠᠳ ᠣᠯᠠᠨ ᠤ ᠠᠮᠤᠷ | ᠲᠦᠪᠰᠢᠨ ᠤ ᠲᠥᠷᠥᠭᠳᠡᠯ ᠢ ᠬᠦᠨᠳᠦ ᠨᠣᠴᠢᠲᠠᠶ ᠨᠥᠯᠥᠭᠡᠯᠡᠬᠦ ᠣᠯᠠᠨᠲᠠ ᠡᠭᠦᠰᠬᠦ ᠴᠢᠨᠠᠷᠲᠠᠶ ᠶᠠᠯᠠᠲᠤ ᠠᠵᠢᠯᠯᠠᠭ᠎ᠠ ᠳᠤ | ᠲᠤᠬᠢᠷᠠᠬᠤ ᠥᠬᠡᠶ᠃ ᠡᠨᠡ ᠨᠢ ᠮᠠᠨ ᠤ ᠤᠯᠤᠰ ᠤᠨ ᠠᠭᠤᠴᠢᠯᠠᠨ ᠰᠢᠢᠳᠬᠡᠬᠦ ᠪᠠ ᠴᠢᠩᠭ᠎ᠠ ᠴᠣᠬᠢᠯᠲᠠ | ᠦᠭᠬᠦ ᠶᠢ ᠤᠶᠠᠯᠳᠤᠭᠤᠯᠤᠭᠰᠠᠨ ᠡᠷᠡᠭᠦᠦ ᠶᠢᠨ ᠬᠡᠷᠡᠭ ᠤᠨ ᠲᠥᠷᠥ ᠶᠢᠨ ᠪᠣᠳᠤᠯᠭ᠎ᠠ ᠲᠠᠢ ᠨᠡᠶᠢᠴᠡᠵᠦ᠂ ᠡᠨᠡ ᠨᠢ | ᠠᠭᠤᠴᠢᠯᠠᠨ ᠰᠢᠢᠳᠬᠡᠬᠦ ᠶᠣᠰᠤᠲᠠᠢ ᠪᠣᠯ ᠠᠭᠤᠴᠢᠯᠠᠨ ᠰᠢᠢᠳᠬᠡᠬᠦ᠂ ᠴᠢᠩᠭ᠎ᠠ ᠰᠢᠢᠳᠬᠡᠬᠦ ᠨᠢ | ᠴᠢᠩᠭ᠎ᠠ᠂ ᠠᠭᠤᠴᠢᠯᠠᠨ ᠰᠢᠢᠳᠬᠡᠬᠦ ᠨᠢ ᠴᠢᠩᠭ᠎ᠠ᠂ ᠶᠠᠯ᠎ᠠ ᠨᠢ ᠰᠢᠢᠳᠬᠡᠬᠦ | ᠱᠠᠭᠠᠷᠳᠠᠯᠭ᠎ᠠ ᠶᠢ ᠬᠠᠷᠠᠭᠤᠯᠵᠤ ᠪᠠᠶᠢᠨ᠎ᠠ᠃ | ᠬᠤᠶᠠᠳᠤᠭᠠᠷ ᠲᠤ᠂ ᠡᠨᠡ ᠬᠦ ᠪᠠᠶᠢᠭᠤᠯᠤᠯ ᠨᠢ ᠶᠠᠯ᠎ᠠ ᠬᠢᠬᠦ ᠳᠤ ᠲᠠᠭᠠᠯᠳᠤᠭᠰᠠᠨ ᠦᠷ᠎ᠡ ᠳ᠋ᠦᠩ ᠤᠨ ᠲᠦᠷᠢᠮ | ᠲᠤᠬᠳᠠᠴᠠ ᠶᠢ ᠲᠡᠬᠦᠯᠳᠡᠷᠵᠢᠬᠦᠯᠵᠤ᠂ ᠶᠠᠯ᠎ᠠ ᠬᠢᠬᠦ ᠶᠢ ᠵᠠᠯᠬᠠᠭᠠᠨ ᠰᠢᠢᠳᠭᠡᠬᠦ᠂ ᠶᠠᠯ᠎ᠠ ᠬᠢᠬᠦ ᠶᠢ ᠰᠡᠷᠭᠡᠶᠢᠯᠡᠬᠦ ᠪᠠ | ᠪᠠᠭᠠᠰᠬᠠᠬᠤ ᠵᠤᠷᠢᠯᠭ᠎ᠠ ᠶᠢ ᠪᠡᠶᠡᠯᠡᠬᠦᠯᠦᠨ᠎ᠡ᠃ ᠶᠠᠯ᠎ᠠ ᠬᠢᠭᠰᠡᠨ ᠲᠡᠮᠳᠡᠭᠯᠡᠯ ᠢ ᠬᠥᠩᠭᠡᠪᠲᠦᠷ ᠪᠢᠳᠡᠭᠦᠮᠵᠢᠯᠡᠨ ᠬᠠᠳᠠᠭᠠᠯᠠᠬᠤ | ᠳᠦᠷᠢᠮ ᠨᠢ ᠶᠠᠯ᠎ᠠ ᠬᠢᠭᠰᠡᠨ ᠦᠷ᠎ᠡ ᠳ᠋ᠦᠩ ᠤᠨ ᠳᠦᠷᠢᠮ ᠤᠨ ᠬᠡᠪᠴᠢᠶᠡᠨ ᠳᠤ ᠬᠠᠷᠢᠶᠠᠯᠠᠭᠳᠠᠨ᠎ᠠ᠃ ᠮᠠᠨ ᠤ | ᠤᠯᠤᠰ ᠲᠤ ᠶᠠᠯ᠎ᠠ ᠬᠢᠭᠰᠡᠨ ᠤ ᠳᠠᠷᠠᠭ᠎ᠠ ᠦᠷ᠎ᠡ ᠳ᠋ᠦᠩ ᠨᠢ ᠶᠠᠯ᠎ᠠ ᠬᠢᠭᠰᠡᠨ ᠬᠥᠮᠦᠨ ᠵᠢᠴᠢ ᠲᠡᠭᠦᠨ ᠤ ᠲᠥᠷᠥᠯ | ᠰᠠᠳᠤᠨ᠂ ᠣᠨᠴᠠ ᠲᠣᠭᠲᠠᠭᠰᠠᠨ ᠬᠠᠷᠢᠴᠠᠭᠠᠲᠤ ᠬᠥᠮᠦᠨ ᠤ ᠶᠠᠯ᠎ᠠ ᠬᠢᠭᠰᠡᠨ ᠪᠤᠶᠤ ᠡᠷᠡᠭᠦᠦ ᠶᠢᠨ ᠰᠢᠢᠳᠬᠡᠯ ᠤᠨ | ᠲᠡᠮᠳᠡᠭᠯᠡᠯ ᠠᠴᠠ ᠪᠣᠯᠤᠭᠰᠠᠨ ᠡᠷᠬᠡ ᠠᠰᠢᠭ ᠪᠤᠶᠤ ᠬᠢᠷᠢ ᠭᠡᠮ ᠤᠨ ᠬᠢᠵᠠᠭᠠᠷᠯᠠᠯ᠂ ᠴᠠᠭᠠᠵᠠᠯᠠᠬᠤ ᠪᠤᠶᠤ ᠪᠤᠯᠢᠶᠠᠬᠤ | ᠵᠡᠷᠭᠡ ᠦᠷ᠎ᠡ ᠤᠷᠰᠢᠭ ᠢ ᠵᠢᠭᠠᠵᠤ ᠪᠤᠶ᠃ ᠬᠥᠩᠭᠡᠪᠲᠦᠷ ᠶᠠᠯ᠎ᠠ ᠬᠢᠭᠰᠡᠨ ᠴᠦ ᠶᠠᠯᠠᠲᠤ ᠠᠵᠢᠯᠯᠠᠭ᠎ᠠ ᠮᠥᠨ᠂ | ᠨᠡᠶᠢᠭᠡᠮ ᠤᠨ ᠬᠥᠨᠥᠭᠡᠯᠲᠦ ᠴᠢᠨᠠᠷ ᠲᠠᠢ ᠪᠣᠯᠬᠤᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠰᠢᠢᠳᠬᠡᠬᠦ ᠬᠡᠷᠡᠭᠲᠡᠢ᠃ | ᠶᠠᠯ᠎ᠠ ᠬᠢᠭᠰᠡᠨ ᠬᠥᠩᠭᠡᠪᠲᠦᠷ ᠲᠡᠮᠳᠡᠭᠯᠡᠯ ᠢ ᠪᠢᠳᠡᠭᠦᠮᠵᠢᠯᠡᠨ ᠬᠠᠳᠠᠭᠠᠯᠠᠬᠤ ᠪᠣᠯ ᠳᠠᠷᠤᠢ ᠬᠥᠩᠭᠡᠪᠲᠦᠷ ᠶᠠᠯ᠎ᠠ | ᠬᠢᠭᠰᠡᠳ ᠢ ᠵᠠᠯᠬᠠᠭᠠᠨ ᠰᠢᠢᠳᠬᠡᠭᠰᠡᠨ ᠤᠷᠢᠲᠠᠯ ᠳᠣᠣᠷ᠎ᠠ᠂ ᠶᠠᠯ᠎ᠠ ᠬᠢᠭᠰᠡᠨ ᠬᠥᠩᠭᠡᠪᠲᠦᠷ ᠲᠡᠮᠳᠡᠭᠯᠡᠯ ᠢ ᠬᠠᠤᠯᠢ | ᠶᠣᠰᠣᠭᠠᠷ ᠪᠢᠲᠡᠭᠦᠮᠵᠢᠯᠡᠨ ᠰᠢᠢᠳᠪᠦᠷᠢᠯᠡᠬᠦ ᠶᠠᠪᠤᠳᠠᠯ ᠪᠣᠯᠤᠨ᠎ᠠ᠃ ᠶᠠᠯ᠎ᠠ ᠬᠢᠭᠰᠡᠨ ᠲᠡᠮᠳᠡᠭᠯᠡᠯ ᠢ ᠪᠢᠲᠡᠭᠦᠮᠵᠢᠯᠡᠨ | ᠬᠠᠳᠠᠭᠠᠯᠠᠭᠰᠠᠨ ᠪᠠᠶᠢᠪᠠᠯ᠂ ᠶᠠᠮᠠᠷᠪᠠ ᠨᠢᠭᠡᠴᠢ ᠪᠠ ᠬᠤᠪᠢ ᠬᠥᠮᠦᠨ ᠳᠤ ᠬᠠᠩᠭᠠᠵᠤ ᠪᠣᠯᠬᠤ ᠦᠭᠡᠢ᠂ ᠭᠡᠪᠡᠴᠦ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠬᠡᠷᠡᠭᠴᠡᠭᠡ ᠪᠤᠶᠤ ᠬᠤᠯᠪᠣᠭᠳᠠᠯ ᠪᠦᠬᠦᠢ ᠨᠢᠭᠡᠴᠢ ᠶᠢᠨ | ᠤᠯᠤᠰ ᠤᠨ ᠲᠣᠭᠲᠠᠭᠠᠯ ᠢ ᠦᠨᠳᠦᠰᠦᠯᠡᠨ ᠪᠠᠶᠢᠴᠠᠭᠠᠨ ᠯᠠᠪᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ ᠬᠠᠤᠯᠢ | ᠶᠣᠰᠣᠭᠠᠷ ᠪᠠᠶᠢᠴᠠᠭᠠᠨ ᠯᠠᠪᠯᠠᠬᠤ ᠨᠢᠭᠡᠴᠡ ᠨᠢ ᠪᠢᠲᠡᠭᠦᠮᠵᠢᠯᠡᠨ ᠬᠠᠳᠠᠭᠠᠯᠠᠭᠳᠠᠭᠰᠠᠨ ᠶᠠᠯ᠎ᠠ ᠬᠢᠭᠰᠡᠨ ᠲᠡᠮᠳᠡᠭᠯᠡᠯ ᠤᠨ | ᠪᠠᠶᠢᠳᠠᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠡᠨᠡᠬᠦ ᠳᠥᠷᠢᠮ ᠢ ᠪᠠᠢᠭᠤᠯᠤᠭᠰᠠᠨ ᠨᠢ ᠬᠥᠩᠭᠡᠪᠲᠦᠷ ᠶᠠᠯ᠎ᠠ | ᠬᠢᠭᠰᠡᠨ ᠢᠶᠠᠷ ᠰᠢᠢᠳᠭᠡᠬᠦ ᠳᠤ ᠲᠤᠰᠠᠲᠠᠢ ᠮᠥᠷᠲᠡᠭᠡᠨ ᠪᠠᠰᠠ ᠶᠠᠯ᠎ᠠ ᠬᠢᠭᠰᠡᠳ ᠲᠤ ᠬᠡᠲᠦ ᠬᠥᠩᠭᠡᠪᠲᠦᠷ ᠬᠠᠤᠯᠢ | ᠴᠠᠭᠠᠵᠠ ᠶᠢᠨ ᠲᠣᠭᠲᠠᠭᠠᠯ ᠭᠠᠷᠭᠠᠬᠤ ᠠᠴᠠ ᠵᠶᠢᠯᠠᠰᠬᠢᠵᠤ᠂ ᠲᠡᠭᠦᠨ ᠤ ᠬᠠᠤᠯᠢ ᠶᠣᠰᠣᠭᠠᠷ ᠡᠷᠬᠡ ᠠᠰᠢᠭ᠂ | ᠡᠭᠦᠷᠭᠡ ᠪᠠᠨ ᠪᠡᠶᠡᠯᠡᠭᠦᠯᠦᠭᠰᠡᠨ ᠪᠥᠭᠡᠳ ᠨᠡᠢᠭᠡᠮ ᠨᠡᠢᠲᠡ ᠳᠤ ᠪᠤᠴᠠᠬᠤ ᠬᠠᠯᠬᠠᠪᠴᠢ ᠶᠢ ᠡᠪᠳᠡᠵᠦ᠂ ᠶᠠᠯ᠎ᠠ ᠬᠢᠬᠦ ᠶᠢ | ᠤᠷᠢᠳᠴᠢᠯᠠᠨ ᠰᠡᠷᠭᠡᠢᠯᠡᠬᠦ ᠪᠠ ᠪᠠᠭᠠᠰᠬᠠᠬᠤ ᠵᠣᠷᠢᠯᠭ᠎ᠠ ᠳᠤ ᠬᠦᠷᠴᠦ ᠴᠢᠳᠠᠨ᠎ᠠ᠃ | ᠭᠤᠷᠪᠠᠳᠤᠭᠠᠷ ᠲᠤ᠂ ᠡᠨᠡ ᠬᠦ ᠲᠦᠷᠢᠮ ᠨᠢ ᠶᠠᠯ᠎ᠠ ᠬᠢᠭᠰᠡᠨ ᠬᠥᠩᠭᠡᠪᠲᠦᠷ ᠲᠡᠮᠳᠡᠭᠯᠡᠯ ᠤᠨ ᠲᠥᠷᠥᠯ ᠰᠠᠳᠤᠨ ᠳᠤ | ᠵᠤᠬᠢᠰ ᠦᠭᠡᠢ ᠨᠥᠯᠥᠭᠡ ᠤᠴᠠᠷᠠᠭᠤᠯᠬᠤ ᠶᠢ ᠰᠡᠷᠭᠡᠶᠢᠯᠡᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ | ᠠᠬᠢᠭᠤᠯᠬᠤ ᠳᠤ ᠠᠰᠢᠭᠲᠠᠶ ᠶᠤᠮ᠃ ᠮᠠᠨ ᠤ ᠤᠯᠤᠰ ᠤᠨ ᠡᠷᠲᠡ ᠦᠶ᠎ᠡ ᠳᠤ ︽ᠬᠤᠯᠪᠣᠯᠳᠤᠭᠠ︾᠂ ︽ᠰᠠᠭᠤᠷᠢ︾ | ᠪᠠᠶᠢᠳᠠᠭ᠃ ᠣᠳᠣ ᠦᠶ᠎ᠡ ᠶᠢᠨ ᠬᠠᠤᠯᠢ ᠪᠠᠷ ᠵᠠᠰᠠᠬᠤ ᠶᠢᠨ ᠨᠢᠭᠡ ᠵᠦᠢᠯ ᠤᠨ ᠦᠨᠳᠦᠰᠦᠨ ᠵᠠᠷᠴᠢᠮ ᠪᠣᠯ ᠳᠠᠷᠤᠢ | ᠬᠠᠤᠯᠢ ᠠᠴᠠ ᠵᠥᠷᠢᠴᠡᠭᠰᠡᠨ ᠶᠠᠮᠠᠷᠪᠠ ᠶᠠᠯᠠᠲᠤ ᠠᠵᠢᠯᠯᠠᠭ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠮᠥᠨ᠂ | ᠴᠥᠮ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭ᠎ᠠ ᠳᠤ ᠬᠥᠮᠥᠨ ᠲᠤᠰ ᠬᠥᠮᠥᠨ ᠨᠢ ᠡᠭᠦᠷᠭᠡᠯᠡᠬᠦ | ᠬᠡᠷᠡᠭᠲᠡᠢ᠂ ᠬᠠᠷᠢᠨ ᠪᠤᠰᠤᠳ ᠬᠥᠮᠥᠨ ᠲᠠᠢ ᠨᠡᠶᠢᠯᠡᠵᠦ ᠪᠣᠯᠬᠤ ᠦᠭᠡᠢ᠃ ᠦᠢᠯᠡᠳᠦᠯᠭᠡ ᠳᠤᠮᠳᠠ᠂ ᠵᠠᠷᠢᠮ ᠭᠠᠵᠠᠷ | ᠣᠷᠣᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠵᠤ᠂ ᠶᠠᠯ᠎ᠠ ᠳᠤ ᠬᠤᠯᠪᠣᠭᠳᠠᠭᠰᠠᠨ ᠬᠥᠮᠦᠰ ᠤᠨ | ᠬᠠᠨᠢ ᠨᠥᠬᠦᠷ᠂ ᠦᠷ᠎ᠡ ᠬᠡᠦᠬᠡᠳ ᠪᠣᠯᠤᠨ ᠡᠴᠢᠭᠡ ᠡᠬᠡ ᠵᠢᠴᠢ ᠪᠤᠰᠤᠳ ᠣᠶᠢᠷ᠎ᠠ ᠲᠥᠷᠥᠯ ᠰᠠᠳᠤᠨ ᠤ ᠰᠤᠷᠭᠠᠨ | ᠬᠥᠮᠦᠵᠢᠯ ᠬᠦᠷᠲᠡᠬᠦ᠂ ᠠᠵᠢᠯ ᠣᠯᠭᠤᠬᠤ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠡᠷᠬᠡ ᠶᠢ ᠬᠢᠵᠠᠭᠠᠷᠯᠠᠵᠤ᠂ | ᠶᠠᠯ᠎ᠠ ᠶᠢᠨ ᠬᠠᠷᠢᠭᠤᠴᠠᠯᠭ᠎ᠠ ᠶᠢ ᠥᠪᠡᠷ ᠢᠶᠠᠨ ᠡᠭᠦᠷᠭᠡᠯᠡᠬᠦ ᠵᠠᠷᠴᠢᠮ ᠠᠴᠠ ᠵᠥᠷᠢᠴᠡᠵᠦ᠂ ᠠᠷᠠᠳ ᠢᠷᠭᠡᠳ ᠤᠨ | ᠦᠨᠳᠦᠰᠦᠨ ᠡᠷᠬᠡ ᠪᠣᠯᠤᠨ ᠡᠭᠦᠷᠭᠡ ᠶᠢᠨ ᠲᠤᠬᠠᠶ ᠦᠨᠳᠦᠰᠦᠨ ᠬᠠᠤᠯᠢ ᠶᠢᠨ ᠵᠠᠷᠴᠢᠮ ᠤᠨ ᠵᠠᠷᠴᠢᠮ ᠪᠣᠯᠤᠨ ᠵᠣᠷᠢᠭ | ᠰᠠᠨᠠᠭ᠎ᠠ ᠲᠠᠢ ᠨᠡᠶᠢᠴᠡᠬᠦ ᠦᠭᠡᠶ ᠪᠠᠶᠢᠨ᠎ᠠ᠃ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ | ᠴᠠᠭᠠᠵᠠ ᠬᠠᠤᠯᠢ ᠲᠣᠭᠲᠠᠭᠠᠯ ᠳᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠭᠰᠡᠨ ᠲᠡᠮᠳᠡᠭᠯᠡᠯ ᠢ | ᠪᠢᠲᠡᠭᠦᠮᠵᠢᠯᠡᠨ ᠬᠠᠳᠠᠭᠠᠯᠠᠬᠤ ᠳᠦᠷᠢᠮ ᠤᠨ ᠲᠤᠬᠠᠢ ᠨᠢᠭᠡᠨᠲᠡ ᠲᠣᠭᠲᠠᠭᠠᠯ ᠭᠠᠷᠭᠠᠪᠠ᠃ ᠡᠷᠡᠭᠦᠦ ᠶᠢᠨ ᠵᠠᠷᠭᠤ ᠶᠢᠨ | ᠬᠠᠤᠯᠢ ᠳᠤ ᠶᠠᠯ᠎ᠠ ᠬᠢᠬᠦ ᠦᠶ᠎ᠡ ᠳᠤ 18 ᠨᠠᠰᠤ ᠬᠦᠷᠦᠭᠡᠳᠦᠢ ᠪᠠᠶᠢᠵᠤ᠂ ᠲᠠᠪᠤᠨ ᠵᠢᠯ ᠤᠨ ᠬᠤᠭᠤᠴᠠᠭ᠎ᠠ ᠲᠠᠢ | ᠬᠤᠷᠢᠬᠤ ᠠᠴᠠ ᠳᠣᠭᠤᠭᠰᠢᠬᠢ ᠡᠷᠡᠭᠦᠦ ᠰᠢᠢᠳᠬᠡᠯ ᠢᠶᠠᠷ ᠰᠢᠢᠳᠬᠡᠭᠳᠡᠭᠰᠡᠨ ᠪᠠᠶᠢᠪᠠᠯ᠂ ᠬᠠᠮᠢᠶ᠎ᠠ ᠪᠦᠬᠦᠢ ᠶᠠᠯ᠎ᠠ ᠬᠢᠭᠰᠡᠨ | ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠬᠡᠷᠡᠭᠲᠡᠢ ᠭᠡᠵᠦ ᠲᠣᠭᠲᠠᠭᠠᠪᠠ᠃ 2022 ᠣᠨ ᠤ 5 ᠰᠠᠷ᠎ᠠ ᠳᠤ᠂ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ᠨᠠᠰᠤᠨ ᠳᠤ ᠥᠯᠥ ᠭᠦᠷᠦᠭᠰᠡᠳ ᠤᠨ ᠶᠠᠯ᠎ᠠ | ᠬᠢᠭᠰᠡᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠤᠬᠠᠶ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ | ᠪᠢᠲᠡᠭᠦᠮᠵᠢᠯᠡᠨ ᠬᠠᠳᠠᠭᠠᠯᠠᠬᠤ ᠪᠡᠶᠡᠴᠢ ᠴᠣᠭᠴᠠ ᠵᠢᠴᠢ ᠲᠠᠰ ᠳᠠᠷᠠᠭᠠᠯᠠᠯ᠂ ᠪᠠᠶᠢᠴᠠᠭᠠᠨ ᠯᠠᠪᠯᠠᠬᠤ ᠪᠡᠶᠡᠴᠢ ᠴᠣᠭᠴᠠ | ᠵᠢᠴᠢ ᠭᠤᠶᠤᠴᠢᠯᠠᠬᠤ ᠨᠥᠬᠦᠴᠡᠯ᠂ ᠪᠢᠲᠡᠭᠦᠮᠵᠢᠯᠡᠨ ᠬᠠᠳᠠᠭᠠᠯᠠᠬᠤ ᠶᠢ ᠬᠦᠴᠦᠨ ᠥᠬᠡᠶ ᠪᠣᠯᠭᠠᠬᠤ ᠨᠥᠬᠦᠴᠡᠯ ᠵᠢᠴᠢ | ᠦᠷ᠎ᠡ ᠳ᠋ᠦᠩ᠂ ᠨᠢᠭᠤᠴᠠ ᠶᠢ ᠬᠠᠮᠠᠭᠠᠯᠠᠬᠤ ᠡᠭᠦᠷᠭᠡ ᠵᠢᠴᠢ ᠬᠠᠮᠢᠶ᠎ᠠ ᠪᠥᠬᠦᠶ ᠬᠠᠷᠢᠭᠤᠴᠠᠯᠭ᠎ᠠ ᠵᠡᠷᠭᠡ ᠳᠤ ᠪᠣᠳᠠᠲᠠᠶ | ᠲᠣᠭᠲᠠᠭᠠᠯ ᠭᠠᠷᠭᠠᠪᠠ᠃ ᠬᠥᠩᠭᠡᠪᠲᠦᠷ ᠶᠠᠯ᠎ᠠ ᠬᠢᠭᠰᠡᠨ ᠲᠡᠮᠳᠡᠭᠯᠡᠯ ᠤᠨ ᠪᠢᠲᠡᠭᠦᠮᠵᠢᠯᠡᠨ ᠬᠠᠳᠠᠭᠠᠯᠠᠬᠤ ᠲᠦᠷᠢᠮ ᠢ | ᠪᠠᠶᠢᠭᠤᠯᠵᠤ᠂ ᠡᠨᠡ ᠬᠦ ᠲᠦᠷᠢᠮ ᠤᠨ ᠬᠡᠷᠡᠭᠯᠡᠭᠳᠡᠬᠦ ᠡᠲᠡᠭᠡᠳ ᠪᠠ ᠬᠡᠪᠴᠢᠶ᠎ᠡ ᠶᠢ ᠲᠣᠳᠣᠷᠬᠠᠶᠢᠯᠠᠵᠤ᠂ ᠲᠡᠭᠦᠨ ᠢ | ᠨᠠᠰᠤᠨ ᠳᠤ ᠥᠯᠥ ᠭᠦᠷᠦᠭᠰᠡᠳ ᠲᠤ ᠬᠥᠩᠭᠡᠪᠲᠦᠷ ᠶᠠᠯ᠎ᠠ ᠬᠢᠬᠦ ᠳᠤ ᠮᠥᠨ ᠴᠦ ᠨᠠᠰᠤᠨ ᠳᠤ ᠥᠯᠥ ᠭᠦᠷᠦᠭᠰᠡᠳ ᠤᠨ | ᠬᠥᠩᠭᠡᠪᠲᠦᠷ ᠶᠠᠯ᠎ᠠ ᠬᠢᠬᠦ ᠳᠤ ᠮᠥᠨ ᠴᠦ ᠲᠣᠬᠢᠷᠠᠬᠤ ᠶᠢᠨ ᠬᠠᠮᠲᠤ ᠬᠥᠩᠭᠡᠪᠲᠦᠷ ᠶᠠᠯ᠎ᠠ ᠬᠢᠬᠦ ᠶᠢᠨ ᠬᠠᠮᠲᠤ | ᠬᠥᠩᠭᠡᠪᠲᠦᠷ ᠶᠠᠯ᠎ᠠ ᠬᠢᠭᠰᠡᠨ ᠲᠡᠮᠳᠡᠭᠯᠡᠯ ᠢ ᠵᠢᠷᠤᠮᠵᠢᠭᠤᠯᠵᠤ᠂ ᠬᠥᠩᠭᠡᠪᠲᠦᠷ ᠶᠠᠯ᠎ᠠ ᠬᠢᠭᠰᠡᠨ ᠲᠡᠮᠳᠡᠭᠯᠡᠯ ᠤᠨ ᠲᠥᠷᠥᠯ | ᠰᠠᠳᠤᠨ ᠤ ᠰᠤᠷᠭᠠᠭᠤᠯᠢ ᠳᠤ ᠣᠷᠣᠬᠤ᠂ ᠠᠵᠢᠯ ᠤᠯᠬᠤ ᠵᠡᠷᠭᠡ ᠲᠠᠯ᠎ᠠ ᠪᠠᠷ ᠬᠢ ᠵᠣᠬᠢᠰ ᠥᠬᠡᠶ ᠨᠥᠯᠥᠭᠡ ᠶᠢ | ᠰᠡᠷᠭᠡᠶᠢᠯᠡᠵᠦ᠂ ᠡᠰᠡᠷᠭᠦᠴᠡᠯᠳᠦᠯ ᠢ ᠪᠠᠭᠠᠰᠬᠠᠵᠤ᠂ ᠡᠶ᠎ᠡ ᠵᠣᠬᠢᠴᠠᠯ ᠢ ᠠᠬᠢᠭᠤᠯᠬᠤ ᠳᠤ ᠠᠰᠢᠭᠲᠠᠶ ᠭᠡᠵᠡᠢ᠃ | ︽ᠲᠣᠭᠲᠠᠭᠠᠯ︾ ᠤᠨ ᠴᠢᠬᠤᠯᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠯ᠎ᠠ | ᠬᠢᠭᠰᠡᠨ ᠬᠥᠩᠭᠡᠪᠲᠦᠷ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠬᠤ ᠶᠢᠨ ᠲᠣᠭᠤᠷᠢᠨ ᠳᠤ᠂ | ᠬᠠᠤᠯᠢ ᠲᠣᠭᠲᠠᠭᠠᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠯ᠎ᠠ ᠬᠢᠭᠰᠡᠨ ᠬᠥᠩᠭᠡᠪᠲᠦᠷ ᠲᠡᠮᠳᠡᠭᠯᠡᠯ ᠢ | ᠪᠢᠲᠡᠭᠦᠮᠵᠢᠯᠡᠨ ᠬᠠᠳᠠᠭᠠᠯᠠᠬᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠶᠠᠯ᠎ᠠ ᠬᠢᠭᠰᠡᠨ ᠬᠥᠩᠭᠡᠪᠲᠦᠷ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠮᠡᠳᠡᠭᠡ ᠵᠠᠩᠭᠢ ᠶᠢᠨ ᠢᠷᠡᠯᠲᠡ᠄ ᠰᠢᠨᠬᠤᠸᠠ ᠬᠤᠷᠢᠶ᠎ᠠ | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | |