ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ︽ᠶᠡᠬᠡᠪᠡᠷ ᠰᠣᠨᠣᠰᠬᠤ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/25
   ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ 2024 ᠣᠨ ᠤ 10 ᠰᠠᠷ᠎ᠠ ᠶᠢᠨ 23 ᠤ ᠡᠳᠦᠷ᠂ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ︽ᠶᠡᠬᠡᠪᠡᠷ ᠰᠣᠨᠣᠰᠴᠤ᠂ ᠶᠡᠭᠡ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠪᠦᠯᠬᠦᠮ ᠤᠨ ᠬᠢᠨ 6 ᠬᠥᠮᠦᠨ ᠲᠤᠰ ᠲᠤᠰ ᠮᠢᠩ ᠳ᠋ᠧ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠤᠷᠪᠠᠨ ᠬᠠᠮᠲᠤ ᠰᠤᠷᠤᠭᠴᠢ ᠦᠭᠡᠢ ᠬᠡᠰᠡᠭ ᠤᠨ ᠲᠤᠰ ᠲᠤᠰ 1 ᠬᠡᠰᠡᠭ ᠪᠦᠷᠢᠨ ᠪᠦᠲᠦᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠣᠨᠣᠰᠪᠠ᠃
   ᠪᠠᠶᠢᠴᠠᠭᠠᠨ ᠰᠤᠳᠤᠯᠬᠤ ᠪᠦᠯᠬᠦᠮ ᠤᠨ ᠬᠢᠨ ︽︿ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ﹀ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠷᠤᠮ︾ ᠢ ᠬᠢᠴᠢᠶᠡᠯ ᠤᠨ ᠲᠠᠩᠬᠢᠮ ᠳᠤ ᠣᠷᠣᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠳᠠᠯ ᠳᠤ ᠠᠭᠤᠰᠤᠯᠴᠠᠭᠤᠯᠤᠭᠰᠠᠨ ᠵᠡᠷᠭᠡ ᠲᠠᠯ᠎ᠠ ᠪᠠᠷ ᠰᠤᠭᠤᠴᠢᠨ ᠪᠠᠶᠢᠴᠠᠭᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠵᠢᠭᠠᠨ ᠰᠤᠳᠤᠯᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠬᠡᠰᠡᠭ ᠰᠣᠷᠣᠭᠴᠢ ᠶᠢ ᠰᠤᠷᠪᠤᠯᠵᠢᠯᠠᠬᠤ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠶᠠᠷᠢᠯᠴᠠᠬᠤ ᠬᠤᠷᠠᠯ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠴᠢᠶᠡᠯ ᠤᠨ ᠶᠣᠰᠣ ᠰᠤᠷᠲᠠᠬᠤᠨ ᠤ ᠬᠥᠮᠦᠵᠢᠯ ᠤᠨ ᠵᠢᠭᠠᠨ ᠰᠤᠷᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠠᠪᠤᠴᠠ ᠪᠠ ᠬᠢᠴᠢᠶᠡᠯ ᠤᠨ ᠲᠣᠬᠢᠷᠠᠭᠤᠯᠤᠯᠲᠠ ᠶᠢᠨ ᠨᠠᠷᠢᠨ ᠵᠦᠢᠯᠡᠰ ᠢ ᠭᠦᠨᠵᠡᠭᠡᠶ ᠣᠶᠢᠯᠠᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃
   ᠲᠣᠰ ᠤᠳᠠᠭᠠᠨ ᠤ ᠬᠢᠴᠢᠶᠡᠯ ᠰᠣᠨᠣᠰᠬᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠳᠠᠯ ᠪᠠᠷᠢᠵᠤ ᠣᠨᠣᠰᠢᠯᠠᠬᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠬᠦ ᠪᠠᠷ ᠳᠠᠮᠵᠢᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠪᠠ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢ ᠣᠯᠠᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠮᠠᠨ ᠤ ᠬᠤᠰᠢᠭᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ ᠵᠠᠩᠭᠢᠯᠠᠭ᠎ᠠ ᠶᠢᠨ ᠬᠢᠴᠢᠶᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠳᠤ ᠢᠳᠡᠪᠬᠢᠲᠡᠶ ᠨᠥᠯᠥᠭᠡ ᠦᠵᠡᠭᠦᠯᠪᠡ᠃                                          ᠤᠷᠴᠢᠭᠤᠯᠤᠭᠴᠢ᠄ ᠰᠤᠷᠤᠨ᠎ᠠ                                        ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号