ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/25
   10 ᠰᠠᠷ᠎ᠠ ᠶᠢᠨ 24 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠬᠤᠷᠠᠯᠳᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠰᠡᠴᠡᠨ ᠬᠤᠷᠠᠯ ᠢ ᠡᠷᠭᠢᠯᠡᠵᠦ᠂ ᠳᠡᠳ᠋ ᠲᠡᠷᠢᠭᠦᠯᠡᠭᠴᠢ ᠷᠧᠨ ᠹᠠᠩ᠂ ᠵᠣᠣ ᠬᠠᠶ ᠫᠢᠩ᠂ ᠵᠣᠣ ᠵᠢᠶᠠᠩ᠂ ᠫᠠᠩ ᠵᠥᠩ ᠾᠧ ᠤᠯᠤᠰ ᠲᠥᠷᠥ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠶᠦᠩ ᠹᠧᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠪᠣᠯᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
   ᠬᠤᠷᠠᠯ ᠳᠤ ᠣᠷᠣᠯᠴᠠᠬᠤ ᠶᠣᠰᠣᠲᠠᠶ ᠬᠥᠮᠦᠨ 25 ᠪᠠᠶᠢᠵᠤ᠂ ᠴᠢᠯᠥᠭᠡ ᠭᠤᠶᠤᠭᠰᠠᠨ ᠨᠢ 6 ᠬᠥᠮᠦᠨ᠂ ᠪᠣᠳᠠᠲᠠᠶ ᠣᠷᠣᠯᠴᠠᠭᠰᠠᠨ ᠨᠢ 19 ᠬᠥᠮᠦᠨ ᠪᠠᠶᠢᠵᠤ᠂ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃
   ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠱᠠᠨ ᠠᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠪᠣᠯᠤᠨ ᠭᠤᠸᠠᠩ ᠱᠠ ᠢᠯᠴᠢ ᠰᠣᠯᠢᠯᠴᠠᠬᠤ ᠥᠷᠲᠡᠭᠡ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠳᠤᠯᠠᠭᠠᠨ ᠢᠨᠵᠧᠨᠧᠷᠢᠩ︾ ᠤᠨ ᠲᠥᠷᠥᠯ ᠵᠦᠢᠯ ᠤᠨ ᠠᠬᠢᠴᠠ ᠵᠢᠴᠢ ᠢᠯᠴᠢ ᠶᠢᠨ ᠬᠦᠴᠦᠨ ᠤ ᠺᠣᠮᠫᠠᠨᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃    ᠬᠤᠷᠠᠯ ᠳᠡᠭᠡᠷ᠎ᠡ᠂ ᠸᠠᠩ ᠶᠦᠩ ᠹᠧᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠳ ᠦᠳᠡ ᠶᠢᠨ ᠡᠮᠦᠨᠡᠬᠢ ᠪᠠᠶᠢᠴᠠᠭᠠᠨ ᠰᠤᠳᠤᠯᠤᠯᠲᠠ ᠶᠢᠨ ᠡᠩᠬᠡ ᠲᠠᠶᠢᠪᠤᠩ ᠦᠶ᠎ᠡ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ ︽ᠳᠤᠯᠠᠭᠠᠨ ᠢᠨᠵᠧᠨᠧᠷᠢᠩ ᠢ ᠬᠡᠷᠡᠭᠵᠢᠭᠦᠯᠵᠦ᠂ ᠣᠶᠤᠨᠴᠢ ᠢᠯᠴᠢ ᠬᠠᠩᠭᠠᠬᠤ ᠶᠢ ᠠᠬᠢᠭᠤᠯᠬᠤ︾ ᠲᠣᠭᠤᠷᠢᠨ ᠳᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
   ᠯᠢᠦ ᠰᠡᠴᠡᠨ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠮᠤᠷ ᠲᠠᠶᠢᠪᠤᠩ ᠠᠵᠤ ᠲᠦᠷᠦᠭᠦ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ︔ ᠳᠤᠯᠠᠭᠠᠯᠠᠭ᠎ᠠ ᠶᠢᠨ ᠳᠤᠯᠠᠭᠠᠨ ᠪᠣᠯ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢᠨ ᠴᠢᠬᠤᠯᠠ ᠬᠡᠮᠵᠢᠭᠦᠷ ᠮᠥᠨ᠃ ᠳᠤᠯᠠᠭᠠᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠬᠠᠭᠤᠴᠢᠷᠠᠬᠤ ᠪᠠ ᠳᠤᠯᠠᠭᠠᠯᠭ᠎ᠠ ᠶᠢᠨ ᠲᠡᠩᠴᠡᠭᠦᠷᠢ ᠦᠭᠡᠢ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠢᠯᠴᠢ ᠬᠠᠩᠭᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠦᠷᠭᠡᠨ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠴᠢ ᠬᠠᠩᠭᠠᠬᠤ ᠠᠰᠠᠭᠤᠳᠠᠯ ᠭᠠᠷᠬᠤ ᠦᠶ᠎ᠡ ᠳᠤ ᠦᠳᠲᠡᠷ ᠲᠦᠷᠭᠡᠨ ᠳᠠᠭᠠᠬᠤ ᠶᠢᠨ ᠬᠠᠮᠲᠤ ᠴᠠᠭ ᠲᠤᠬᠠᠶ ᠳᠤᠨᠢ ᠰᠢᠢᠳᠪᠦᠷᠢᠯᠡᠬᠦ ᠳᠤ ᠲᠥᠬᠦᠮ ᠦᠵᠡᠭᠦᠯᠬᠦ ᠬᠡᠷᠡᠭᠲᠡᠶ᠃ ᠣᠶᠤᠨᠴᠢ ᠢᠯᠴᠢ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠶᠤᠨᠴᠢᠯᠠᠭᠰᠠᠨ ᠬᠢᠨᠠᠨ ᠡᠵᠡᠮᠳᠡᠬᠦ ᠪᠠ ᠲᠤᠭ᠎ᠠ ᠪᠠᠷᠢᠮᠲᠠ ᠶᠢ ᠵᠠᠳᠠᠯᠬᠤ ᠴᠢᠳᠠᠪᠤᠷᠢ ᠶᠢ ᠴᠢᠩᠭᠠᠳᠬᠠᠵᠤ᠂ ᠢᠯᠴᠢ ᠬᠠᠩᠭᠠᠬᠤ ᠪᠦᠬᠦ ᠶᠠᠪᠤᠴᠠ ᠶᠢ ᠡᠵᠡᠮᠳᠡᠵᠦ ᠪᠣᠯᠬᠤ᠂ ᠦᠵᠡᠵᠦ ᠪᠣᠯᠬᠤ᠂ ᠲᠣᠬᠢᠷᠠᠭᠤᠯᠵᠤ ᠪᠣᠯᠬᠤ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠪᠠᠲᠤᠯᠠᠪᠠ᠃                 ᠵᠣᠬᠢᠶᠠᠭᠴᠢ᠄ ᠹᠠᠨ ᠵᠢᠶᠠ ᠸᠧᠨ᠂ ᠯᠢᠦ ᠵᠢᠶᠠ ᠯᠧ ︵ᠳᠠᠳᠤᠯᠭ᠎ᠠ︶                 ᠤᠷᠴᠢᠭᠤᠯᠤᠭᠴᠢ᠄ ᠰᠤᠷᠤᠨ᠎ᠠ                 ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号