ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2024/10/28
   ᠤᠯᠤᠰ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ ᠳᠠᠶᠢᠴᠢᠯᠠᠨ ᠪᠠᠶᠢᠷᠢᠯᠠᠭᠤᠯᠵᠤ᠂ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠴᠠᠬᠢᠯᠭᠠᠨ ᠱᠠᠲᠤ ᠶᠢᠨ ᠣᠶᠤᠨᠴᠢ ᠬᠠᠷᠰᠢ ᠰᠠᠭᠠᠳ ᠲᠡᠷᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠬᠤᠲᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ᠂ ᠵᠣᠭᠰᠣᠭᠠᠬᠤ ᠲᠥᠬᠦᠭᠡᠷᠦᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
   ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠡᠭᠡᠷ᠎ᠡ᠂ ᠹᠠᠩ ᠽᠧ ᠨᠠᠷ ᠤᠷᠢᠳ ᠬᠤᠵᠢᠳ ᠮᠢᠩ ᠵᠦ ᠶᠠ ᠶᠤᠸᠠᠨ᠂ ᠹᠦ᠋ ᠲᠠᠢ ᠵᠢᠶᠠ ᠶᠤᠸᠠᠨ ᠪᠠᠭ᠎ᠠ ᠲᠣᠭᠤᠷᠢᠭ ᠲᠤ ᠬᠦᠷᠴᠦ᠂ ᠪᠸᠢ ᠳ᠋ᠤᠤ ᠺᠸᠦ ᠨᠡᠶᠢᠭᠡᠮ ᠲᠣᠭᠤᠷᠢᠭ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠰᠠᠷᠡᠪᠴᠢ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ᠂ ᠱᠠᠲᠤᠯᠢᠭ ᠡᠵᠡᠮᠳᠡᠯ ᠤᠨ ᠰᠢᠰᠲ᠋ᠧᠮ ᠵᠡᠷᠭᠡ ᠶᠢ ᠲᠣᠭᠤᠷᠢᠨ ᠦᠵᠡᠵᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ ᠪᠠ ᠠᠵᠢᠯᠲᠠᠳ ᠤᠨ ᠲᠠᠶᠢᠯᠪᠤᠷᠢᠯᠠᠯᠲᠠ ᠶᠢ ᠰᠣᠨᠣᠰᠬᠤ ᠪᠠᠷ ᠳᠠᠮᠵᠢᠭᠤᠯᠵᠤ᠂ ᠪᠠᠭ᠎ᠠ ᠲᠣᠭᠤᠷᠢᠭ᠂ ᠨᠡᠶᠢᠭᠡᠮ ᠲᠣᠭᠤᠷᠢᠭ ᠵᠡᠷᠭᠡ ᠠᠳᠠᠯᠢ ᠪᠤᠰᠤ ᠲᠦᠷᠦᠯ ᠤᠨ ᠲᠠᠯᠠᠪᠤᠷ ᠭᠠᠵᠠᠷ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠵᠣᠭᠰᠣᠭᠠᠯ ᠤᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠪᠠ᠃
   ᠳᠠᠷᠠᠭ᠎ᠠ ᠨᠢ ᠠᠵᠢᠯ ᠢ ᠠᠬᠢᠭᠤᠯᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠠᠷᠢᠭᠤ ᠮᠡᠳᠡᠭᠦᠯᠦᠯᠲᠡ ᠶᠢᠨ ᠹᠢᠯᠢᠮ ᠢ ᠬᠠᠮᠲᠤ ᠪᠠᠷ ᠦᠵᠡᠪᠡ︔ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠰᠢᠩ ᠾᠧ ᠰᠢᠶᠠᠨ ᠤ ᠵᠠᠰᠠᠭ ᠤᠨ ᠣᠷᠳᠣᠨ ᠶᠠᠷᠢᠶ᠎ᠠ ᠲᠠᠯᠪᠢᠪᠠ᠃
   ᠬᠤᠷᠠᠯ ᠠᠴᠠ ᠱᠠᠭᠠᠷᠳᠠᠭᠰᠠᠨ ᠨᠢ᠂ ︽ᠬᠠᠷᠢᠭᠤᠴᠠᠯᠭᠠᠲᠤ ᠰᠡᠳᠬᠢᠯᠭᠡ︾ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠠᠳᠬᠤᠬᠤ ᠬᠡᠷᠡᠭᠲᠡᠶ᠃ ᠣᠶᠢᠷ᠎ᠠ ᠶᠢᠨ ᠵᠢᠯ ᠳᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠠᠴᠠ ᠡᠭᠦᠰᠦᠭᠰᠡᠨ ᠭᠠᠯ ᠤᠨ ᠠᠶᠤᠯ ᠪᠠᠶᠢᠨ ᠳᠠᠬᠢᠨ ᠡᠭᠦᠰᠴᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠶ ᠰᠦᠷᠳᠡᠭᠦᠯᠦᠯ ᠪᠣᠯᠵᠣ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠳᠠᠲᠠᠶ ᠠᠷᠭ᠎ᠠ ᠬᠡᠮᠵᠢᠶ᠎ᠡ ᠪᠠ ᠠᠵᠢᠯ ᠢ ᠠᠬᠢᠭᠤᠯᠬᠤ ᠲᠥᠯᠥᠪᠯᠡᠭᠡ ᠭᠠᠷᠭᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ︔ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠲᠠᠯ᠎ᠠ ᠳᠤ ᠬᠤᠯᠪᠣᠭᠳᠠᠬᠤ ᠢᠳᠡᠪᠬᠢᠵᠢᠯ ᠢ ᠭᠦᠨᠵᠡᠭᠡᠶ ᠳᠠᠶᠢᠴᠢᠯᠠᠬᠤ ᠶᠢᠨ ᠬᠠᠮᠲᠤ ᠪᠠᠰᠠ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠲᠠᠯ᠎ᠠ ᠳᠤ ᠬᠤᠯᠪᠣᠭᠳᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ︽ᠪᠥᠬᠦ ᠬᠡᠯᠬᠢᠶ᠎ᠡ︾ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠩ ᠥᠷᠭᠡᠨ ᠣᠯᠠᠨ ᠳᠡᠮᠵᠢᠯᠭᠡ ᠶᠢ ᠴᠢᠷᠮᠠᠶᠢᠨ ᠣᠯᠵᠤ᠂ ︽ᠭᠤᠷᠪᠠᠨ ᠬᠠᠷᠠᠯᠲᠠ︾ ᠳᠤ ᠠᠩᠬᠠᠷᠤᠯ ᠢᠶᠠᠨ ᠲᠥᠪᠯᠡᠷᠡᠭᠦᠯᠦᠨ ᠡᠨᠡ ᠬᠦ ᠲᠤᠰᠬᠠᠶ ᠴᠡᠭᠴᠡᠯᠡᠨ ᠵᠠᠰᠠᠬᠤ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠥᠷᠭᠡᠨ ᠣᠯᠠᠨ ᠠᠷᠠᠳ ᠲᠦᠮᠡᠨ ᠤ ᠡᠳ᠋ ᠬᠥᠷᠥᠩᠭᠡ ᠶᠢᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃                                         ᠵᠣᠬᠢᠶᠠᠭᠴᠢ᠄ ᠰᠦᠨ ᠯᠢ ᠨᠠ᠂ ᠪᠦᠦ ᠯᠦᠩ                                         ᠤᠷᠴᠢᠭᠤᠯᠤᠭᠴᠢ᠄ ᠰᠤᠷᠤᠨ᠎ᠠ                                         ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号