ᠤᠯᠤᠰ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢ | ᠴᠡᠭᠴᠡᠯᠡᠨ ᠵᠠᠰᠠᠬᠤ ᠠᠵᠢᠯᠯᠠᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ | ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ ᠳᠠᠶᠢᠴᠢᠯᠠᠨ ᠪᠠᠶᠢᠷᠢᠯᠠᠭᠤᠯᠵᠤ᠂ | ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠴᠠᠬᠢᠯᠭᠠᠨ ᠱᠠᠲᠤ ᠶᠢᠨ ᠣᠶᠤᠨᠴᠢ ᠬᠠᠷᠰᠢ ᠰᠠᠭᠠᠳ ᠲᠡᠷᠭᠡᠨ ᠤ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 25 ᠤ ᠡᠳᠦᠷ᠂ | ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ | ᠬᠡᠯᠬᠢᠶ᠎ᠡ ᠪᠠᠷ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠤᠪᠢᠳᠠᠨ | ᠬᠠᠮᠢᠶᠠᠷᠬᠤ ᠤᠳᠤᠷᠢᠳᠤᠯᠭ᠎ᠠ ᠪᠠ ᠬᠤᠲᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠬᠡᠰᠡᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ᠂ | ᠵᠣᠭᠰᠣᠭᠠᠬᠤ ᠲᠥᠬᠦᠭᠡᠷᠦᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠡᠭᠡᠷ᠎ᠡ᠂ ᠹᠠᠩ ᠽᠧ ᠨᠠᠷ ᠤᠷᠢᠳ ᠬᠤᠵᠢᠳ ᠮᠢᠩ ᠵᠦ | ᠶᠠ ᠶᠤᠸᠠᠨ᠂ ᠹᠦ᠋ ᠲᠠᠢ ᠵᠢᠶᠠ ᠶᠤᠸᠠᠨ ᠪᠠᠭ᠎ᠠ ᠲᠣᠭᠤᠷᠢᠭ ᠲᠤ ᠬᠦᠷᠴᠦ᠂ ᠪᠸᠢ ᠳ᠋ᠤᠤ ᠺᠸᠦ ᠨᠡᠶᠢᠭᠡᠮ | ᠲᠣᠭᠤᠷᠢᠭ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠰᠠᠷᠡᠪᠴᠢ᠂ ᠪᠢᠴᠢᠯ ᠬᠡᠯᠪᠡᠷᠢ ᠶᠢᠨ ᠭᠠᠯ | ᠤᠨᠲᠠᠷᠠᠭᠠᠬᠤ ᠦᠷᠳᠡᠭᠡ᠂ ᠱᠠᠲᠤᠯᠢᠭ ᠡᠵᠡᠮᠳᠡᠯ ᠤᠨ ᠰᠢᠰᠲ᠋ᠧᠮ ᠵᠡᠷᠭᠡ ᠶᠢ ᠲᠣᠭᠤᠷᠢᠨ ᠦᠵᠡᠵᠦ᠂ ᠲᠤᠬᠠᠢ ᠶᠢᠨ | ᠲᠠᠯᠠᠪᠠᠢ ᠳᠤ ᠪᠠᠶᠢᠴᠠᠭᠠᠨ ᠦᠵᠡᠬᠦ ᠪᠠ ᠠᠵᠢᠯᠲᠠᠳ ᠤᠨ ᠲᠠᠶᠢᠯᠪᠤᠷᠢᠯᠠᠯᠲᠠ ᠶᠢ ᠰᠣᠨᠣᠰᠬᠤ ᠪᠠᠷ ᠳᠠᠮᠵᠢᠭᠤᠯᠵᠤ᠂ ᠪᠠᠭ᠎ᠠ | ᠲᠣᠭᠤᠷᠢᠭ᠂ ᠨᠡᠶᠢᠭᠡᠮ ᠲᠣᠭᠤᠷᠢᠭ ᠵᠡᠷᠭᠡ ᠠᠳᠠᠯᠢ ᠪᠤᠰᠤ ᠲᠦᠷᠦᠯ ᠤᠨ ᠲᠠᠯᠠᠪᠤᠷ ᠭᠠᠵᠠᠷ ᠤᠨ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠶᠢᠨ ᠵᠣᠭᠰᠣᠭᠠᠯ ᠤᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ | ᠠᠵᠢᠯ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ | ᠤᠯᠠᠮ ᠴᠢᠨᠠᠭᠰᠢᠳᠠ ᠣᠶᠢᠯᠠᠭᠠᠪᠠ᠃ | | ᠳᠠᠷᠠᠭ᠎ᠠ ᠨᠢ ᠠᠵᠢᠯ ᠢ ᠠᠬᠢᠭᠤᠯᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ | ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠠᠷᠢᠭᠤ ᠮᠡᠳᠡᠭᠦᠯᠦᠯᠲᠡ ᠶᠢᠨ ᠹᠢᠯᠢᠮ ᠢ ᠬᠠᠮᠲᠤ ᠪᠠᠷ ᠦᠵᠡᠪᠡ︔ | ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ | ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠰᠢᠩ ᠾᠧ | ᠰᠢᠶᠠᠨ ᠤ ᠵᠠᠰᠠᠭ ᠤᠨ ᠣᠷᠳᠣᠨ ᠶᠠᠷᠢᠶ᠎ᠠ ᠲᠠᠯᠪᠢᠪᠠ᠃ | | ᠬᠤᠷᠠᠯ ᠠᠴᠠ ᠱᠠᠭᠠᠷᠳᠠᠭᠰᠠᠨ ᠨᠢ᠂ ︽ᠬᠠᠷᠢᠭᠤᠴᠠᠯᠭᠠᠲᠤ ᠰᠡᠳᠬᠢᠯᠭᠡ︾ ᠶᠢ ᠤᠯᠠᠮ ᠨᠢᠭᠡ ᠠᠯᠬᠤᠮ | ᠴᠢᠩᠭᠠᠳᠬᠠᠵᠤ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠠᠳᠬᠤᠬᠤ ᠬᠡᠷᠡᠭᠲᠡᠶ᠃ ᠣᠶᠢᠷ᠎ᠠ ᠶᠢᠨ | ᠵᠢᠯ ᠳᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠠᠴᠠ ᠡᠭᠦᠰᠦᠭᠰᠡᠨ ᠭᠠᠯ ᠤᠨ ᠠᠶᠤᠯ ᠪᠠᠶᠢᠨ ᠳᠠᠬᠢᠨ | ᠡᠭᠦᠰᠴᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠶ | ᠰᠦᠷᠳᠡᠭᠦᠯᠦᠯ ᠪᠣᠯᠵᠣ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠣᠳᠠᠲᠠᠶ ᠠᠷᠭ᠎ᠠ ᠬᠡᠮᠵᠢᠶ᠎ᠡ ᠪᠠ ᠠᠵᠢᠯ ᠢ ᠠᠬᠢᠭᠤᠯᠬᠤ ᠲᠥᠯᠥᠪᠯᠡᠭᠡ ᠭᠠᠷᠭᠠᠵᠤ᠂ ᠲᠤᠰᠬᠠᠶ | ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ︔ ᠲᠣᠰ | ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠲᠠᠯ᠎ᠠ ᠳᠤ ᠬᠤᠯᠪᠣᠭᠳᠠᠬᠤ ᠢᠳᠡᠪᠬᠢᠵᠢᠯ ᠢ ᠭᠦᠨᠵᠡᠭᠡᠶ | ᠳᠠᠶᠢᠴᠢᠯᠠᠬᠤ ᠶᠢᠨ ᠬᠠᠮᠲᠤ ᠪᠠᠰᠠ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠲᠠᠯ᠎ᠠ ᠳᠤ | ᠬᠤᠯᠪᠣᠭᠳᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ︽ᠪᠥᠬᠦ ᠬᠡᠯᠬᠢᠶ᠎ᠡ︾ ᠳᠤ ᠠᠩᠬᠠᠷᠤᠯ ᠢᠶᠠᠨ | ᠲᠥᠪᠯᠡᠷᠡᠭᠦᠯᠦᠨ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ | ᠴᠢᠩᠭ᠎ᠠ ᠵᠠᠰᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠩ ᠥᠷᠭᠡᠨ ᠣᠯᠠᠨ | ᠳᠡᠮᠵᠢᠯᠭᠡ ᠶᠢ ᠴᠢᠷᠮᠠᠶᠢᠨ ᠣᠯᠵᠤ᠂ ︽ᠭᠤᠷᠪᠠᠨ ᠬᠠᠷᠠᠯᠲᠠ︾ ᠳᠤ ᠠᠩᠬᠠᠷᠤᠯ ᠢᠶᠠᠨ ᠲᠥᠪᠯᠡᠷᠡᠭᠦᠯᠦᠨ ᠡᠨᠡ ᠬᠦ | ᠲᠤᠰᠬᠠᠶ ᠴᠡᠭᠴᠡᠯᠡᠨ ᠵᠠᠰᠠᠬᠤ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠥᠷᠭᠡᠨ ᠣᠯᠠᠨ | ᠠᠷᠠᠳ ᠲᠦᠮᠡᠨ ᠤ ᠡᠳ᠋ ᠬᠥᠷᠥᠩᠭᠡ ᠶᠢᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | | | | | ᠵᠣᠬᠢᠶᠠᠭᠴᠢ᠄ ᠰᠦᠨ ᠯᠢ ᠨᠠ᠂ ᠪᠦᠦ ᠯᠦᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | | |