ᠤᠶᠢᠷ᠎ᠠ ᠶᠢᠨ ᠡᠳᠦᠷ᠂ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠬᠦᠷᠴᠦ᠂ ᠲᠤᠰ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃ ᠺᠣᠮᠫᠢᠦ᠋ᠲ᠋ᠧᠷ ᠤᠨ ᠲᠤᠰᠬᠠᠶ ᠮᠡᠷᠭᠡᠵᠢᠯ ᠤᠨ | ᠪᠣᠳᠠᠲᠤ ᠲᠠᠮᠢᠷ ᠤᠨ ᠬᠢᠴᠢᠶᠡᠯ ᠳᠡᠭᠡᠷ᠎ᠡ᠂ ᠰᠠᠯᠠᠭᠠᠨ ᠤ ᠪᠠᠭᠰᠢ ᠨᠢᠭᠡ ᠲᠠᠯ᠎ᠠ ᠪᠠᠷ ᠳᠡᠯᠭᠡᠨ ᠦᠵᠡᠭᠦᠯᠵᠦ ᠨᠥᠭᠦᠭᠡ | ᠲᠠᠯ᠎ᠠ ᠪᠠᠷ ᠨᠠᠷᠢᠨ ᠲᠠᠶᠢᠯᠪᠤᠷᠢᠯᠠᠵᠤ᠂ ᠰᠤᠷᠤᠭᠴᠢᠳ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠶᠠᠷᠢᠶ᠎ᠠ ᠶᠢ ᠰᠣᠨᠣᠰᠴᠤ᠂ | ᠪᠠᠭᠰᠢ ᠶᠢᠨ ᠵᠢᠭᠠᠨ ᠰᠤᠷᠭᠠᠯᠲᠠ ᠶᠢᠨ ᠠᠯᠬᠤᠮ ᠳᠠᠷᠠᠭ᠎ᠠ ᠶᠢ ᠰᠠᠯᠤᠯ ᠥᠬᠡᠶ ᠳᠠᠭᠠᠵᠤ᠂ ᠪᠣᠳᠠᠲᠤ ᠲᠠᠮᠢᠷ ᠤᠨ ᠠᠭᠤᠷ | ᠠᠮᠢᠰᠬᠤᠯ ᠢ ᠥᠳᠬᠡᠨ ᠵᠤᠵᠠᠭᠠᠨ ᠪᠤᠯᠭᠠᠪᠠ᠃ ᠡᠭᠦᠨ ᠤ ᠬᠠᠮᠲᠤ᠂ ᠬᠢᠮᠢ ᠶᠢᠨ ᠤᠷ᠎ᠠ ᠮᠡᠷᠭᠡᠰᠢᠯ᠂ ᠵᠢᠭᠤᠯᠴᠢᠯᠠᠯ ᠤᠨ | ᠦᠢᠯᠡᠴᠢᠯᠡᠭᠡ ᠬᠢᠭᠡᠳ ᠬᠠᠮᠢᠶᠠᠷᠤᠯᠲᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠵᠡᠷᠭᠡ ᠬᠡᠷᠡᠭᠯᠡᠭᠡᠨ ᠤ | ᠬᠢᠴᠢᠶᠡᠯ ᠢ ᠴᠦ ᠵᠡᠷᠭᠡ ᠪᠠᠷ ᠶᠠᠪᠤᠭᠳᠠᠭᠤᠯᠵᠤ᠂ ᠲᠤᠰ ᠰᠤᠷᠭᠠᠭᠤᠯᠢ ᠶᠢᠨ ᠪᠠᠶᠠᠯᠢᠭ ᠰᠠᠶᠢᠬᠠᠨ ᠬᠢᠴᠢᠶᠡᠯ ᠤᠨ | ᠪᠠᠶᠢᠷᠢᠯᠠᠭᠤᠯᠤᠯᠲᠠ ᠶᠢ ᠢᠯᠡᠷᠡᠭᠦᠯᠵᠦ᠂ ᠡᠳᠡᠭᠡᠷ ᠬᠢᠴᠢᠶᠡᠯ ᠢ ᠨᠡᠭᠡᠭᠡᠭᠰᠡᠨ ᠨᠢ ᠰᠤᠷᠤᠭᠴᠢᠳ ᠲᠤ ᠤᠯᠠᠨ ᠶᠠᠩᠵᠤ ᠶᠢᠨ | ᠰᠤᠷᠤᠯᠴᠠᠯᠭ᠎ᠠ ᠶᠢᠨ ᠰᠣᠩᠭᠤᠯᠲᠠ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠢ ᠦᠢᠯᠡᠳᠦᠯᠭᠡ ᠶᠢᠨ | ᠳᠤᠮᠳᠠ ᠤᠷ᠎ᠠ ᠮᠡᠷᠭᠡᠵᠢᠯ ᠢᠶᠠᠨ ᠪᠣᠯᠪᠠᠰᠤᠷᠠᠭᠤᠯᠵᠤ᠂ ᠢᠷᠡᠭᠡᠳᠦᠢ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | | | | ᠣᠶᠢᠯᠠᠭᠠᠭᠰᠠᠨ ᠢᠶᠠᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ 1984 ᠣᠨ ᠳᠤ ᠪᠠᠶᠢᠭᠤᠯᠤᠭᠳᠠᠭᠰᠠᠨ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ | ᠡᠩ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠠᠭᠤᠷᠢᠨ | ᠭᠠᠵᠠᠷ ᠵᠢᠴᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ | ᠣᠳᠣᠬᠠᠨ ᠳᠤ ᠺᠣᠮᠫᠢᠦ᠋ᠲ᠋ᠧᠷ᠂ ᠮᠠᠰᠢᠨ ᠴᠠᠬᠢᠯᠭᠠᠨ᠂ ᠲᠠᠷᠢᠶᠠᠯᠠᠩ ᠤᠨ ᠤᠬᠠᠭᠠᠨ᠂ ᠤᠷᠠᠨ ᠵᠢᠷᠤᠭ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠬᠢᠮᠢ ᠶᠢᠨ ᠠᠵᠤ ᠦᠢᠯᠡᠳᠪᠦᠷᠢ᠂ ᠥᠨᠳᠥᠷ ᠬᠠᠮᠠᠭᠠᠯᠠᠯᠲᠠ᠂ | ᠵᠢᠭᠤᠯᠴᠢᠯᠠᠯ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠵᠡᠷᠭᠡ ᠰᠣᠳᠣᠨ ᠲᠤᠰᠬᠠᠶ ᠮᠡᠷᠭᠡᠵᠢᠯ ᠢ ᠨᠡᠭᠡᠭᠡᠵᠦ᠂ | ᠰᠤᠷᠤᠭᠴᠢᠳ ᠲᠤ ᠣᠯᠠᠨ ᠶᠠᠩᠵᠤ ᠶᠢᠨ ᠰᠤᠷᠤᠯᠴᠠᠯᠭ᠎ᠠ ᠶᠢᠨ ᠰᠣᠩᠭᠤᠯᠲᠠ ᠪᠠ ᠬᠥᠭᠵᠢᠯᠲᠡ ᠶᠢᠨ ᠣᠷᠣᠨ ᠵᠠᠶ | ᠬᠠᠩᠭᠠᠬᠤ ᠪᠠᠷ ᠴᠢᠷᠮᠠᠶᠢᠵᠤ᠂ ᠲᠡᠤᠬᠡ ᠶᠢᠨ ᠤᠷᠲᠤ ᠤᠳᠠᠭᠠᠨ ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠢᠮᠠᠭᠲᠠ ᠣᠭ ᠰᠠᠨᠠᠭ᠎ᠠ ᠪᠠᠨ ᠪᠠᠲᠤ | ᠰᠠᠬᠢᠵᠤ᠂ ᠲᠠᠰᠤᠷᠠᠯᠲᠠ ᠥᠬᠡᠶ ᠤᠷᠤᠭᠰᠢᠯᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠠ | ᠰᠤᠷᠤᠭᠴᠢᠳ ᠤᠨ ᠢᠷᠡᠭᠡᠳᠦᠶ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ | ᠴᠢᠷᠮᠠᠶᠢᠵᠤ ᠪᠠᠶᠢᠨ᠎ᠠ᠃ | | | | | | | | ᠰᠤᠷᠭᠠᠭᠤᠯᠢ ᠨᠤᠭᠤᠳ ︽ᠬᠥᠮᠦᠨ ᠢᠶᠠᠷ ᠦᠨᠳᠦᠰᠦ ᠪᠣᠯᠭᠠᠬᠤ᠂ ᠮᠡᠷᠭᠡᠵᠢᠯ ᠤᠨ ᠴᠢᠳᠠᠪᠤᠷᠢ ᠶᠢ ᠴᠢᠬᠤᠯᠠᠴᠢᠯᠠᠬᠤ᠂ | ᠨᠡᠶᠢᠭᠡᠮ ᠳᠤ ᠦᠢᠯᠡᠴᠢᠯᠡᠬᠦ︾ ᠰᠤᠷᠭᠠᠭᠤᠯᠢ ᠡᠷᠬᠢᠯᠡᠬᠦ ᠣᠨᠣᠯᠵᠢᠬᠤᠨ ᠢ ᠪᠠᠷᠢᠮᠲᠠᠯᠠᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠰᠤᠷᠤᠭᠴᠢᠳ ᠤᠨ ᠢᠷᠡᠭᠡᠳᠦᠶ ᠶᠢᠨ | ᠡᠷᠬᠢᠯᠡᠭᠰᠡᠨ ᠠᠵᠢᠯ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢᠲᠠᠨ ᠬᠥᠮᠦᠵᠢᠭᠦᠯᠬᠦ ᠬᠠᠷᠠᠯᠲᠠ ᠶᠢ ᠪᠠᠷᠢᠮᠲᠠᠯᠠᠨ᠎ᠠ᠃ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠵᠢᠭᠠᠨ ᠰᠤᠷᠭᠠᠯᠲᠠ ᠶᠢᠨ | ᠠᠭᠤᠰᠤᠯᠴᠠᠯ ᠢ ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠰᠤᠷᠭᠠᠭᠤᠯᠢ ᠠᠴᠠ ᠠᠵᠢᠯ | ᠮᠡᠷᠭᠡᠵᠢᠯᠴᠢᠯᠡᠭᠰᠡᠨ᠂ ᠮᠡᠳᠡᠭᠡ ᠵᠠᠩᠭᠢᠵᠢᠯᠲᠠ ᠶᠢᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠨᠠᠷᠠᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ | ᠨᠡᠶᠢᠭᠡᠮ ᠳᠤ ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ | ᠬᠥᠮᠦᠵᠢᠭᠦᠯᠵᠦ ᠥᠭᠭᠦᠨ᠎ᠡ᠃ | | | | | | | | ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ 12 ᠳ᠋ᠤᠭᠠᠷ ᠠᠩᠭᠢ ᠶᠢᠨ ᠺᠣᠮᠫᠢᠦ᠋ᠲ᠋ᠧᠷ ᠤᠨ ᠲᠤᠰᠬᠠᠢ | ᠮᠡᠷᠭᠡᠵᠢᠯ ᠤᠨ ᠰᠤᠷᠤᠯᠭᠠᠲᠠᠨ ᠺᠧᠦ ᠢᠦᠶ ᠲᠢᠩ᠄ ︽ᠺᠣᠮᠫᠢᠦ᠋ᠲ᠋ᠧᠷ ᠤᠨ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠣᠯ | ᠵᠥᠪᠬᠡᠨ ᠮᠡᠷᠭᠡᠵᠢᠯ ᠢ ᠡᠵᠡᠮᠰᠢᠳᠡᠭ ᠪᠢᠰᠢ᠂ ᠨᠡᠩ ᠴᠢᠬᠤᠯᠠ ᠨᠢ ᠦᠷᠭᠦᠯᠵᠢᠯᠡᠨ ᠰᠤᠷᠤᠯᠴᠠᠬᠤ ᠪᠠ ᠰᠢᠨ᠎ᠡ ᠶᠢ ᠡᠭᠦᠳᠬᠦ | ᠵᠣᠷᠢᠭ ᠰᠠᠨᠠᠭ᠎ᠠ ᠶᠢ ᠬᠥᠮᠥᠵᠢᠭᠦᠯᠬᠦ ᠨᠢᠭᠡ ᠵᠦᠢᠯ ᠤᠨ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠣᠯᠣᠨ᠎ᠠ᠃ | ᠢᠷᠡᠭᠡᠳᠦᠢ ᠳᠤ ᠪᠢ ᠰᠢᠨ᠎ᠡ ᠮᠡᠷᠭᠡᠵᠢᠯ ᠤᠨ ᠲᠤᠬᠠᠢ ᠰᠣᠨᠢᠭᠤᠴᠢ ᠰᠡᠳᠬᠢᠯ᠂ ᠡᠷᠳᠡᠮ ᠮᠡᠳᠡᠯᠭᠡ ᠰᠤᠷᠬᠤ ᠬᠦᠰᠡᠯ ᠢᠶᠠᠨ | ᠢᠮᠠᠭᠲᠠ ᠪᠠᠷᠢᠮᠲᠠᠯᠠᠵᠤ᠂ ᠥᠪᠡᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠶᠡᠷᠦᠩᠬᠡᠶᠢᠯᠡᠭᠰᠡᠨ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | | | | | ᠡᠭᠦᠨ ᠲᠠᠢ ᠠᠳᠠᠯᠢ ᠪᠠᠷ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ 12 ᠳ᠋ᠤᠭᠠᠷ ᠠᠩᠭᠢ ᠶᠢᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠯᠢᠦ ᠶᠦᠨ ᠰᠢᠶᠠ ᠠᠴᠠ᠄ ︽ᠮᠠᠨ ᠤ | ᠰᠣᠷᠣᠭᠰᠠᠨ ᠲᠤᠰᠬᠠᠶ ᠮᠡᠷᠭᠡᠵᠢᠯ ᠪᠣᠯ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠮᠥᠨ᠂ ᠰᠤᠷᠤᠯᠴᠠᠬᠤ | ᠶᠠᠪᠤᠴᠠ ᠳᠤ ᠪᠢ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠢᠶᠠᠷ ᠪᠠᠷᠠᠬᠤ ᠥᠬᠡᠶ᠂ | ᠬᠡᠦᠬᠡᠳ ᠤᠳ ᠲᠠᠢ ᠬᠡᠷᠬᠢᠨ ᠨᠡᠪᠲᠡᠷᠡᠯᠴᠡᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠳᠡᠯᠡᠬᠡᠶ | ᠶᠢᠷᠲᠢᠨᠴᠦ ᠶᠢ ᠬᠠᠶᠢᠨ ᠰᠦᠪᠡᠭᠴᠢᠯᠡᠬᠦ᠂ ᠲᠡᠳᠡᠨ ᠤ ᠰᠠᠶᠢᠨ ᠰᠠᠶᠢᠬᠠᠨ ᠵᠠᠩ ᠳᠠᠳᠬᠠᠯ ᠪᠠ ᠵᠠᠩ ᠮᠣᠷᠠᠯ ᠢ ᠬᠡᠷᠬᠢᠨ | ᠬᠥᠮᠦᠵᠢᠭᠦᠯᠬᠦ ᠶᠢ ᠨᠠᠩ ᠢᠯᠡᠭᠦᠤ ᠰᠤᠷᠤᠭᠰᠠᠨ ᠪᠠᠶᠢᠨ᠎ᠠ᠃ ᠪᠢ ᠰᠤᠷᠤᠭᠰᠠᠨ ᠢᠶᠠᠨ ᠦᠢᠯᠡᠳᠦᠯᠭᠡ ᠳᠤ ᠬᠡᠷᠡᠭᠯᠡᠵᠦ᠂ | ᠨᠢᠭᠡᠨ ᠰᠢᠯᠢᠳᠡᠭ ᠬᠡᠦᠬᠡᠳ ᠤᠨ ᠪᠠᠭᠰᠢ ᠪᠣᠯᠬᠤ ᠶᠢ ᠬᠦᠰᠡᠵᠦ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠳᠡᠪᠬᠢᠲᠡᠢ ᠥᠭᠡᠳᠡᠯᠡᠨ | ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠵᠢᠴᠢ ᠢᠷᠡᠭᠡᠳᠦᠢ ᠶᠢᠨ ᠠᠵᠢᠯ ᠮᠡᠷᠭᠡᠵᠢᠯ ᠤᠨ ᠲᠤᠬᠠᠢ ᠬᠠᠶᠢᠷ᠎ᠠ | ᠬᠦᠰᠡᠯ ᠡᠷᠡᠮᠡᠯᠵᠡᠯ ᠢ ᠪᠢᠳᠡᠨ ᠳᠤ ᠮᠡᠳᠡᠷᠡᠭᠦᠯᠪᠡ᠃ | | | | | | | | ᠰᠤᠷᠭᠠᠭᠤᠯᠢ ᠶᠢᠨ ᠢᠷᠡᠭᠡᠳᠦᠶ ᠶᠢᠨ ᠬᠥᠭᠵᠢᠯᠲᠡ ᠶᠢᠨ ᠲᠤᠬᠠᠶ ᠶᠠᠷᠢᠬᠤ ᠳᠠᠭᠠᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ | ᠰᠤᠷᠭᠠᠭᠤᠯᠢ ᠶᠢᠨ ᠵᠠᠬᠢᠷᠤᠯ ᠵᠦ ᠬᠤᠩ ᠽᠠᠢ ᠢᠯᠡᠷᠬᠡᠶᠢᠯᠡᠭᠰᠡᠨ ᠨᠢ᠄ ︽ᠣᠶᠢᠷ᠎ᠠ ᠶᠢᠨ ᠵᠢᠯ ᠳᠤ᠂ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠤᠷᠭᠠᠨ ᠬᠥᠮᠦᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪ ᠤᠳᠤᠷᠢᠳᠤᠯᠭ᠎ᠠ ᠳᠣᠤᠷ᠎ᠠ᠂ ᠮᠠᠨ ᠤ ᠰᠤᠷᠭᠠᠭᠤᠯᠢ ᠰᠤᠷᠭᠠᠨ | ᠬᠥᠮᠦᠵᠢᠯ ᠤᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠤᠨᠴᠠᠯᠢᠬᠳᠤ ᠬᠢᠴᠢᠶᠡᠯ ᠢ ᠶᠡᠬᠡᠪᠡᠷ ᠬᠥᠭᠵᠢᠭᠦᠯᠪᠡ᠃ | 2024 ᠣᠨ ᠳᠤ᠂ ᠪᠢᠳᠡ ᠬᠢᠮᠢ ᠶᠢᠨ ᠠᠵᠤ ᠦᠢᠯᠡᠳᠪᠦᠷᠢ᠂ ᠵᠢᠭᠤᠯᠴᠢᠯᠠᠯ᠂ ᠰᠤᠪᠢᠯᠠᠯᠲᠠ᠂ ᠴᠠᠭᠠᠨ ᠢᠳᠡᠭᠡ | ᠡᠳ᠋ᠰᠢᠭᠦᠯᠬᠦ ᠵᠡᠷᠭᠡ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠪᠠᠷ ᠭᠤᠶᠤᠴᠢᠯᠠᠬᠤ ᠶᠢᠨ ᠬᠠᠮᠲᠤ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠨᠠᠰᠤᠲᠠᠶᠢᠴᠤᠳ ᠤᠨ ᠨᠡᠶᠢᠭᠡᠮ | ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠭᠤᠶᠤᠴᠢᠯᠠᠨ ᠡᠷᠬᠢᠯᠡᠵᠦ᠂ ᠠᠳᠠᠯᠢ ᠪᠤᠰᠤ | ᠬᠠᠮᠲᠤᠯᠢᠭ ᠲᠤ ᠰᠤᠷᠤᠯᠴᠠᠬᠤ ᠲᠠᠪᠴᠠᠩ ᠬᠠᠩᠭᠠᠪᠠ᠃ ᠢᠷᠡᠭᠡᠳᠦᠢ ᠳᠤ᠂ ᠮᠠᠨ ᠤ ᠰᠤᠷᠭᠠᠭᠤᠯᠢ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ | ᠦᠷᠭᠦᠯᠵᠢᠯᠡᠨ ᠴᠢᠩᠭᠠᠳᠬᠠᠵᠤ᠂ ᠨᠡᠶᠢᠭᠡᠮ ᠳᠤ ᠨᠡᠩ ᠤᠯᠠᠨ ᠰᠢᠯᠢᠳᠡᠭ ᠠᠵᠢᠯ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠵᠦ ᠥᠭᠭᠦᠨ᠎ᠡ︾ ᠭᠡᠵᠦ ᠬᠡᠯᠡᠪᠡ᠃ | | | | | | | | ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ | ᠳᠤᠮᠳᠠᠳᠤ ᠰᠤᠷᠭᠠᠭᠤᠯᠢ ᠦᠷᠭᠦᠯᠵᠢᠯᠡᠨ ᠰᠤᠷᠭᠠᠭᠤᠯᠢ ᠡᠷᠭᠢᠯᠡᠬᠦ ᠵᠣᠷᠢᠯᠲᠠ ᠪᠠᠨ ᠪᠠᠷᠢᠮᠲᠠᠯᠠᠵᠤ᠂ ᠣᠭ ᠰᠠᠨᠠᠭ᠎ᠠ ᠪᠠᠨ | ᠥᠯᠥ ᠮᠠᠷᠲᠠᠵᠤ᠂ ᠲᠡᠳᠡᠨ ᠤ ᠥᠪᠡᠷᠮᠢᠴᠡ ᠬᠢᠴᠢᠶᠡᠯ ᠤᠨ ᠪᠠᠶᠢᠷᠢᠯᠠᠭᠤᠯᠤᠯᠲᠠ ᠪᠠ ᠰᠤᠷᠭᠠᠭᠤᠯᠢ ᠡᠷᠭᠢᠯᠡᠬᠦ | ᠣᠶᠢᠯᠠᠭᠠᠭᠳᠠᠬᠤᠨ ᠢᠶᠠᠷ ᠨᠡᠶᠢᠭᠡᠮ ᠳᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ | ᠴᠢᠨᠠᠷ ᠲᠠᠢ ᠨᠠᠩ ᠣᠯᠠᠨ ᠴᠢᠳᠠᠪᠤᠷᠢᠲᠠᠨ ᠢ ᠬᠥᠮᠦᠵᠢᠭᠦᠯᠦᠨ ᠬᠦᠷᠭᠡᠬᠦ ᠪᠣᠯᠤᠨ᠎ᠠ᠃ | | | | | ᠵᠣᠬᠢᠶᠠᠭᠴᠢ᠄ ᠭᠦᠸᠧ ᡁᠢ ᠴᠢᠶᠠᠩ᠂ ᠹᠧᠩ ᠯᠢ ᠶᠤᠸᠠᠨ | ᠴᠢᠮᠡᠭᠡᠯᠡᠭᠴᠢ᠄ ᠯᠢ ᠷᠦᠩ ᠰᠢᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |