ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠄ ᠣᠨᠴᠠᠯᠢᠭᠲᠤ ᠬᠢᠴᠢᠶᠡᠯ ᠨᠢ ᠰᠤᠷᠤᠭᠴᠢᠳ ᠤᠨ ᠠᠵᠢᠯ ᠮᠡᠷᠭᠡᠵᠢᠯ ᠤᠨ ᠵᠠᠮ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2024/10/28
   ᠤᠶᠢᠷ᠎ᠠ ᠶᠢᠨ ᠡᠳᠦᠷ᠂ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ  ᠬᠤᠶᠢᠳᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠬᠦᠷᠴᠦ᠂ ᠲᠤᠰ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃ ᠺᠣᠮᠫᠢᠦ᠋ᠲ᠋ᠧᠷ ᠤᠨ ᠲᠤᠰᠬᠠᠶ ᠮᠡᠷᠭᠡᠵᠢᠯ ᠤᠨ ᠪᠣᠳᠠᠲᠤ ᠲᠠᠮᠢᠷ ᠤᠨ ᠬᠢᠴᠢᠶᠡᠯ ᠳᠡᠭᠡᠷ᠎ᠡ᠂ ᠰᠠᠯᠠᠭᠠᠨ ᠤ ᠪᠠᠭᠰᠢ ᠨᠢᠭᠡ ᠲᠠᠯ᠎ᠠ ᠪᠠᠷ ᠳᠡᠯᠭᠡᠨ ᠦᠵᠡᠭᠦᠯᠵᠦ ᠨᠥᠭᠦᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠰᠤᠷᠤᠭᠴᠢᠳ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠶᠠᠷᠢᠶ᠎ᠠ ᠶᠢ ᠰᠣᠨᠣᠰᠴᠤ᠂ ᠪᠠᠭᠰᠢ ᠶᠢᠨ ᠵᠢᠭᠠᠨ ᠰᠤᠷᠭᠠᠯᠲᠠ ᠶᠢᠨ ᠠᠯᠬᠤᠮ ᠳᠠᠷᠠᠭ᠎ᠠ ᠶᠢ ᠰᠠᠯᠤᠯ ᠥᠬᠡᠶ ᠳᠠᠭᠠᠵᠤ᠂ ᠪᠣᠳᠠᠲᠤ ᠲᠠᠮᠢᠷ ᠤᠨ ᠠᠭᠤᠷ ᠠᠮᠢᠰᠬᠤᠯ ᠢ ᠥᠳᠬᠡᠨ ᠵᠤᠵᠠᠭᠠᠨ ᠪᠤᠯᠭᠠᠪᠠ᠃ ᠡᠭᠦᠨ ᠤ ᠬᠠᠮᠲᠤ᠂ ᠬᠢᠮᠢ ᠶᠢᠨ ᠤᠷ᠎ᠠ ᠮᠡᠷᠭᠡᠰᠢᠯ᠂ ᠵᠢᠭᠤᠯᠴᠢᠯᠠᠯ ᠤᠨ ᠦᠢᠯᠡᠴᠢᠯᠡᠭᠡ ᠬᠢᠭᠡᠳ ᠬᠠᠮᠢᠶᠠᠷᠤᠯᠲᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠵᠡᠷᠭᠡ ᠬᠡᠷᠡᠭᠯᠡᠭᠡᠨ ᠤ ᠬᠢᠴᠢᠶᠡᠯ ᠢ ᠴᠦ ᠵᠡᠷᠭᠡ ᠪᠠᠷ ᠶᠠᠪᠤᠭᠳᠠᠭᠤᠯᠵᠤ᠂ ᠲᠤᠰ ᠰᠤᠷᠭᠠᠭᠤᠯᠢ ᠶᠢᠨ ᠪᠠᠶᠠᠯᠢᠭ ᠰᠠᠶᠢᠬᠠᠨ ᠬᠢᠴᠢᠶᠡᠯ ᠤᠨ ᠪᠠᠶᠢᠷᠢᠯᠠᠭᠤᠯᠤᠯᠲᠠ ᠶᠢ ᠢᠯᠡᠷᠡᠭᠦᠯᠵᠦ᠂ ᠡᠳᠡᠭᠡᠷ ᠬᠢᠴᠢᠶᠡᠯ ᠢ ᠨᠡᠭᠡᠭᠡᠭᠰᠡᠨ ᠨᠢ ᠰᠤᠷᠤᠭᠴᠢᠳ ᠲᠤ ᠤᠯᠠᠨ ᠶᠠᠩᠵᠤ ᠶᠢᠨ ᠰᠤᠷᠤᠯᠴᠠᠯᠭ᠎ᠠ ᠶᠢᠨ ᠰᠣᠩᠭᠤᠯᠲᠠ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠢ ᠦᠢᠯᠡᠳᠦᠯᠭᠡ ᠶᠢᠨ ᠳᠤᠮᠳᠠ ᠤᠷ᠎ᠠ ᠮᠡᠷᠭᠡᠵᠢᠯ ᠢᠶᠠᠨ ᠪᠣᠯᠪᠠᠰᠤᠷᠠᠭᠤᠯᠵᠤ᠂ ᠢᠷᠡᠭᠡᠳᠦᠢ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
   ᠣᠶᠢᠯᠠᠭᠠᠭᠰᠠᠨ ᠢᠶᠠᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ 1984 ᠣᠨ ᠳᠤ ᠪᠠᠶᠢᠭᠤᠯᠤᠭᠳᠠᠭᠰᠠᠨ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠡᠩ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠵᠢᠴᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠳᠣᠬᠠᠨ ᠳᠤ ᠺᠣᠮᠫᠢᠦ᠋ᠲ᠋ᠧᠷ᠂ ᠮᠠᠰᠢᠨ ᠴᠠᠬᠢᠯᠭᠠᠨ᠂ ᠲᠠᠷᠢᠶᠠᠯᠠᠩ ᠤᠨ ᠤᠬᠠᠭᠠᠨ᠂ ᠤᠷᠠᠨ ᠵᠢᠷᠤᠭ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠬᠢᠮᠢ ᠶᠢᠨ ᠠᠵᠤ ᠦᠢᠯᠡᠳᠪᠦᠷᠢ᠂ ᠥᠨᠳᠥᠷ ᠬᠠᠮᠠᠭᠠᠯᠠᠯᠲᠠ᠂ ᠵᠢᠭᠤᠯᠴᠢᠯᠠᠯ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠵᠡᠷᠭᠡ ᠰᠣᠳᠣᠨ ᠲᠤᠰᠬᠠᠶ ᠮᠡᠷᠭᠡᠵᠢᠯ ᠢ ᠨᠡᠭᠡᠭᠡᠵᠦ᠂ ᠰᠤᠷᠤᠭᠴᠢᠳ ᠲᠤ ᠣᠯᠠᠨ ᠶᠠᠩᠵᠤ ᠶᠢᠨ ᠰᠤᠷᠤᠯᠴᠠᠯᠭ᠎ᠠ ᠶᠢᠨ ᠰᠣᠩᠭᠤᠯᠲᠠ ᠪᠠ ᠬᠥᠭᠵᠢᠯᠲᠡ ᠶᠢᠨ ᠣᠷᠣᠨ ᠵᠠᠶ ᠬᠠᠩᠭᠠᠬᠤ ᠪᠠᠷ ᠴᠢᠷᠮᠠᠶᠢᠵᠤ᠂ ᠲᠡᠤᠬᠡ ᠶᠢᠨ ᠤᠷᠲᠤ ᠤᠳᠠᠭᠠᠨ ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠢᠮᠠᠭᠲᠠ ᠣᠭ ᠰᠠᠨᠠᠭ᠎ᠠ ᠪᠠᠨ ᠪᠠᠲᠤ ᠰᠠᠬᠢᠵᠤ᠂ ᠲᠠᠰᠤᠷᠠᠯᠲᠠ ᠥᠬᠡᠶ ᠤᠷᠤᠭᠰᠢᠯᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠠ ᠰᠤᠷᠤᠭᠴᠢᠳ ᠤᠨ ᠢᠷᠡᠭᠡᠳᠦᠶ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃
   ᠰᠤᠷᠭᠠᠭᠤᠯᠢ ᠨᠤᠭᠤᠳ ︽ᠬᠥᠮᠦᠨ ᠢᠶᠠᠷ ᠦᠨᠳᠦᠰᠦ ᠪᠣᠯᠭᠠᠬᠤ᠂ ᠮᠡᠷᠭᠡᠵᠢᠯ ᠤᠨ ᠴᠢᠳᠠᠪᠤᠷᠢ ᠶᠢ ᠴᠢᠬᠤᠯᠠᠴᠢᠯᠠᠬᠤ᠂ ᠨᠡᠶᠢᠭᠡᠮ ᠳᠤ ᠦᠢᠯᠡᠴᠢᠯᠡᠬᠦ︾ ᠰᠤᠷᠭᠠᠭᠤᠯᠢ ᠡᠷᠬᠢᠯᠡᠬᠦ ᠣᠨᠣᠯᠵᠢᠬᠤᠨ ᠢ ᠪᠠᠷᠢᠮᠲᠠᠯᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠰᠤᠷᠤᠭᠴᠢᠳ ᠤᠨ ᠢᠷᠡᠭᠡᠳᠦᠶ ᠶᠢᠨ ᠡᠷᠬᠢᠯᠡᠭᠰᠡᠨ ᠠᠵᠢᠯ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢᠲᠠᠨ ᠬᠥᠮᠦᠵᠢᠭᠦᠯᠬᠦ ᠬᠠᠷᠠᠯᠲᠠ ᠶᠢ ᠪᠠᠷᠢᠮᠲᠠᠯᠠᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠰᠤᠷᠭᠠᠭᠤᠯᠢ ᠠᠴᠠ ᠠᠵᠢᠯ ᠮᠡᠷᠭᠡᠵᠢᠯᠴᠢᠯᠡᠭᠰᠡᠨ᠂ ᠮᠡᠳᠡᠭᠡ ᠵᠠᠩᠭᠢᠵᠢᠯᠲᠠ ᠶᠢᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠷᠠᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠳᠤ ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃
   ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ 12 ᠳ᠋ᠤᠭᠠᠷ ᠠᠩᠭᠢ ᠶᠢᠨ ᠺᠣᠮᠫᠢᠦ᠋ᠲ᠋ᠧᠷ ᠤᠨ ᠲᠤᠰᠬᠠᠢ ᠮᠡᠷᠭᠡᠵᠢᠯ ᠤᠨ ᠰᠤᠷᠤᠯᠭᠠᠲᠠᠨ ᠺᠧᠦ ᠢᠦᠶ ᠲᠢᠩ᠄ ︽ᠺᠣᠮᠫᠢᠦ᠋ᠲ᠋ᠧᠷ ᠤᠨ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠣᠯ ᠵᠥᠪᠬᠡᠨ ᠮᠡᠷᠭᠡᠵᠢᠯ ᠢ ᠡᠵᠡᠮᠰᠢᠳᠡᠭ ᠪᠢᠰᠢ᠂ ᠨᠡᠩ ᠴᠢᠬᠤᠯᠠ ᠨᠢ ᠦᠷᠭᠦᠯᠵᠢᠯᠡᠨ ᠰᠤᠷᠤᠯᠴᠠᠬᠤ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠥᠵᠢᠭᠦᠯᠬᠦ‍ ᠨᠢᠭᠡ ᠵᠦᠢᠯ ᠤᠨ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠣᠯᠣᠨ᠎ᠠ᠃ ᠢᠷᠡᠭᠡᠳᠦᠢ ᠳᠤ ᠪᠢ ᠰᠢᠨ᠎ᠡ ᠮᠡᠷᠭᠡᠵᠢᠯ ᠤᠨ ᠲᠤᠬᠠᠢ ᠰᠣᠨᠢᠭᠤᠴᠢ ᠰᠡᠳᠬᠢᠯ᠂ ᠡᠷᠳᠡᠮ ᠮᠡᠳᠡᠯᠭᠡ ᠰᠤᠷᠬᠤ ᠬᠦᠰᠡᠯ ᠢᠶᠠᠨ ᠢᠮᠠᠭᠲᠠ ᠪᠠᠷᠢᠮᠲᠠᠯᠠᠵᠤ᠂ ᠥᠪᠡᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
   ᠡᠭᠦᠨ ᠲᠠᠢ ᠠᠳᠠᠯᠢ ᠪᠠᠷ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ 12 ᠳ᠋ᠤᠭᠠᠷ ᠠᠩᠭᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠯᠢᠦ ᠶᠦᠨ ᠰᠢᠶᠠ ᠠᠴᠠ᠄ ︽ᠮᠠᠨ ᠤ ᠰᠣᠷᠣᠭᠰᠠᠨ ᠲᠤᠰᠬᠠᠶ ᠮᠡᠷᠭᠡᠵᠢᠯ ᠪᠣᠯ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠮᠥᠨ᠂ ᠰᠤᠷᠤᠯᠴᠠᠬᠤ ᠶᠠᠪᠤᠴᠠ ᠳᠤ ᠪᠢ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠢᠶᠠᠷ ᠪᠠᠷᠠᠬᠤ ᠥᠬᠡᠶ᠂ ᠬᠡᠦᠬᠡᠳ ᠤᠳ ᠲᠠᠢ ᠬᠡᠷᠬᠢᠨ ᠨᠡᠪᠲᠡᠷᠡᠯᠴᠡᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠳᠡᠯᠡᠬᠡᠶ ᠶᠢᠷᠲᠢᠨᠴᠦ ᠶᠢ ᠬᠠᠶᠢᠨ ᠰᠦᠪᠡᠭᠴᠢᠯᠡᠬᠦ᠂ ᠲᠡᠳᠡᠨ ᠤ ᠰᠠᠶᠢᠨ ᠰᠠᠶᠢᠬᠠᠨ ᠵᠠᠩ ᠳᠠᠳᠬᠠᠯ ᠪᠠ ᠵᠠᠩ ᠮᠣᠷᠠᠯ ᠢ ᠬᠡᠷᠬᠢᠨ ᠬᠥᠮᠦᠵᠢᠭᠦᠯᠬᠦ ᠶᠢ ᠨᠠᠩ ᠢᠯᠡᠭᠦᠤ ᠰᠤᠷᠤᠭᠰᠠᠨ ᠪᠠᠶᠢᠨ᠎ᠠ᠃ ᠪᠢ ᠰᠤᠷᠤᠭᠰᠠᠨ ᠢᠶᠠᠨ ᠦᠢᠯᠡᠳᠦᠯᠭᠡ ᠳᠤ ᠬᠡᠷᠡᠭᠯᠡᠵᠦ᠂ ᠨᠢᠭᠡᠨ ᠰᠢᠯᠢᠳᠡᠭ ᠬᠡᠦᠬᠡᠳ ᠤᠨ ᠪᠠᠭᠰᠢ ᠪᠣᠯᠬᠤ ᠶᠢ ᠬᠦᠰᠡᠵᠦ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠳᠡᠪᠬᠢᠲᠡᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠵᠢᠴᠢ ᠢᠷᠡᠭᠡᠳᠦᠢ ᠶᠢᠨ ᠠᠵᠢᠯ ᠮᠡᠷᠭᠡᠵᠢᠯ ᠤᠨ ᠲᠤᠬᠠᠢ ᠬᠠᠶᠢᠷ᠎ᠠ ᠬᠦᠰᠡᠯ ᠡᠷᠡᠮᠡᠯᠵᠡᠯ ᠢ ᠪᠢᠳᠡᠨ ᠳᠤ ᠮᠡᠳᠡᠷᠡᠭᠦᠯᠪᠡ᠃
   ᠰᠤᠷᠭᠠᠭᠤᠯᠢ ᠶᠢᠨ ᠢᠷᠡᠭᠡᠳᠦᠶ ᠶᠢᠨ ᠬᠥᠭᠵᠢᠯᠲᠡ ᠶᠢᠨ ᠲᠤᠬᠠᠶ ᠶᠠᠷᠢᠬᠤ ᠳᠠᠭᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠦ ᠬᠤᠩ ᠽᠠᠢ ᠢᠯᠡᠷᠬᠡᠶᠢᠯᠡᠭᠰᠡᠨ ᠨᠢ᠄ ︽ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪ ᠤᠳᠤᠷᠢᠳᠤᠯᠭ᠎ᠠ ᠳᠣᠤᠷ᠎ᠠ᠂ ᠮᠠᠨ ᠤ ᠰᠤᠷᠭᠠᠭᠤᠯᠢ ᠰᠤᠷᠭᠠᠨ ᠬᠥᠮᠦᠵᠢᠯ ᠤᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠤᠨᠴᠠᠯᠢᠬᠳᠤ ᠬᠢᠴᠢᠶᠡᠯ ᠢ ᠶᠡᠬᠡᠪᠡᠷ ᠬᠥᠭᠵᠢᠭᠦᠯᠪᠡ᠃ 2024 ᠣᠨ ᠳᠤ᠂ ᠪᠢᠳᠡ ᠬᠢᠮᠢ ᠶᠢᠨ ᠠᠵᠤ ᠦᠢᠯᠡᠳᠪᠦᠷᠢ᠂ ᠵᠢᠭᠤᠯᠴᠢᠯᠠᠯ᠂ ᠰᠤᠪᠢᠯᠠᠯᠲᠠ᠂ ᠴᠠᠭᠠᠨ ᠢᠳᠡᠭᠡ ᠡᠳ᠋ᠰᠢᠭᠦᠯᠬᠦ ᠵᠡᠷᠭᠡ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠪᠠᠷ ᠭᠤᠶᠤᠴᠢᠯᠠᠬᠤ ᠶᠢᠨ ᠬᠠᠮᠲᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠨᠠᠰᠤᠲᠠᠶᠢᠴᠤᠳ ᠤᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠭᠤᠶᠤᠴᠢᠯᠠᠨ ᠡᠷᠬᠢᠯᠡᠵᠦ᠂ ᠠᠳᠠᠯᠢ ᠪᠤᠰᠤ ᠬᠠᠮᠲᠤᠯᠢᠭ ᠲᠤ ᠰᠤᠷᠤᠯᠴᠠᠬᠤ ᠲᠠᠪᠴᠠᠩ ᠬᠠᠩᠭᠠᠪᠠ᠃ ᠢᠷᠡᠭᠡᠳᠦᠢ ᠳᠤ᠂ ᠮᠠᠨ ᠤ ᠰᠤᠷᠭᠠᠭᠤᠯᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠳᠤ ᠨᠡᠩ ᠤᠯᠠᠨ ᠰᠢᠯᠢᠳᠡᠭ ᠠᠵᠢᠯ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ︾ ᠭᠡᠵᠦ ᠬᠡᠯᠡᠪᠡ᠃
   ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠦᠷᠭᠦᠯᠵᠢᠯᠡᠨ ᠰᠤᠷᠭᠠᠭᠤᠯᠢ ᠡᠷᠭᠢᠯᠡᠬᠦ ᠵᠣᠷᠢᠯᠲᠠ ᠪᠠᠨ ᠪᠠᠷᠢᠮᠲᠠᠯᠠᠵᠤ᠂ ᠣᠭ ᠰᠠᠨᠠᠭ᠎ᠠ ᠪᠠᠨ ᠥᠯᠥ ᠮᠠᠷᠲᠠᠵᠤ᠂ ᠲᠡᠳᠡᠨ ᠤ ᠥᠪᠡᠷᠮᠢᠴᠡ ᠬᠢᠴᠢᠶᠡᠯ ᠤᠨ ᠪᠠᠶᠢᠷᠢᠯᠠᠭᠤᠯᠤᠯᠲᠠ ᠪᠠ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢᠶᠠᠷ ᠨᠡᠶᠢᠭᠡᠮ ᠳᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠲᠠᠢ ᠨᠠᠩ ᠣᠯᠠᠨ ᠴᠢᠳᠠᠪᠤᠷᠢᠲᠠᠨ ᠢ ᠬᠥᠮᠦᠵᠢᠭᠦᠯᠦᠨ ᠬᠦᠷᠭᠡᠬᠦ ᠪᠣᠯᠤᠨ᠎ᠠ᠃                        ᠵᠣᠬᠢᠶᠠᠭᠴᠢ᠄ ᠭᠦᠸᠧ ᡁᠢ ᠴᠢᠶᠠᠩ᠂ ᠹᠧᠩ ᠯᠢ ᠶᠤᠸᠠᠨ                        ᠴᠢᠮᠡᠭᠡᠯᠡᠭᠴᠢ᠄ ᠯᠢ ᠷᠦᠩ ᠰᠢᠨ                        ᠤᠷᠴᠢᠭᠤᠯᠤᠭᠴᠢ᠄ ᠡᠷᠳᠡᠨᠢᠴᠢᠮᠡᠭ                        ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号