ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
   10 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
   ᠬᠤᠷᠠᠯ ᠠᠴᠠ 10 ᠰᠠᠷ᠎ᠠ ᠶᠢᠨ 28 ᠤ ᠡᠳᠦᠷ ᠤᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠶ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠪᠠ︔ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠠᠮᠢᠶ᠎ᠠ ᠪᠦᠬᠦᠢ ᠠᠵᠢᠯ ᠢ ᠲᠠᠬᠢᠨ ᠲᠤᠬᠢᠷᠠᠭᠤᠯᠤᠨ ᠲᠠᠬᠢᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠣᠳᠣᠬᠠᠨ ᠤ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠣᠳᠣᠷᠬᠠᠢ ᠣᠪᠣᠷ᠂ ᠡᠷᠡᠰ ᠬᠦᠴᠦᠲᠡᠢ ᠠᠵᠢᠯᠯᠠᠭ᠎ᠠ᠂ ᠬᠠᠲᠠᠭᠤ ᠲᠠᠢ ᠬᠠᠯᠳᠠᠬᠤ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠡᠳᠦᠷ ᠲᠤᠳᠤᠮ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ︔ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ︔ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠠᠬᠢᠴᠠ ᠶᠢ ᠪᠦᠷᠢᠳᠬᠡᠨ᠂ ᠳᠤᠲᠠᠭᠤᠳᠠᠯ ᠢ ᠡᠷᠢᠵᠦ᠂ ᠬᠠᠷᠠᠯᠲᠠ ᠴᠢᠭᠯᠡᠯ ᠢᠶᠠᠨ ᠲᠣᠳᠣᠷᠬᠠᠶᠢᠯᠠᠨ᠂ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠳᠡᠭᠡᠳᠦ ᠱᠠᠲᠤᠨ ᠤ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠤᠭᠲᠤᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠾᠧᠦ ᠵᠢᠶᠦ᠋ᠨ ᠢᠦᠶ᠂ ᠯᠢᠦ ᠸᠧᠨ ᠾᠦᠢ᠂ ᠷᠧᠨ ᠯᠢ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                                       ᠵᠣᠬᠢᠶᠠᠭᠴᠢ᠄ ᠰᠤᠷᠪᠤᠯᠵᠢᠯᠠᠭᠴᠢ᠄ ᠰᠦᠨ ᠯᠢ ᠨᠠ                                       ᠴᠢᠮᠡᠭᠡᠯᠡᠭᠴᠢ᠄ ᠯᠢ ᠷᠦᠩ ᠰᠢᠨ                                       ᠤᠷᠴᠢᠭᠤᠯᠤᠭᠴᠢ᠄ ᠰᠤᠷᠤᠨ᠎ᠠ                                       ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号