ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠫᠠᠩ ᠵᠥᠩ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠪᠠᠳᠠᠨ ᠰᠢᠢᠤᠡᠪᠤᠷᠢᠯᠡᠭᠦᠯᠪᠡ
ᠨᠡᠶᠢᠲᠡᠯᠡᠭᠰᠡᠨ ᠴᠠᠭ᠄
2024/10/30
   10 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠫᠠᠩ ᠵᠥᠩ ᠪᠦᠯᠬᠦᠮ ᠳᠠᠭᠠᠭᠤᠯᠤᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠤ ᠭᠦᠨᠵᠡᠭᠡᠶᠢᠷᠡᠵᠦ᠂ 2024 ᠣᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ︽ᠨᠠᠰᠤᠲᠠᠶᠢᠴᠤᠳ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ ᠴᠡᠭᠴᠡᠯᠡᠨ ᠵᠠᠰᠠᠬᠤ ᠶᠢ ᠴᠢᠩᠭᠠᠳᠬᠠᠬᠤ ᠲᠤᠬᠠᠶ ᠰᠠᠨᠠᠯ ᠳᠤᠷᠠᠳᠤᠯᠭ᠎ᠠ︾᠂ ︽ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠳᠠᠯᠳᠠ ᠬᠡᠮ ᠪᠠ ᠲᠦᠭᠵᠢᠷᠡᠯ ᠢ ᠰᠢᠢᠳᠪᠦᠷᠢᠯᠡᠬᠦ ᠲᠤᠬᠠᠶ ᠰᠠᠨᠠᠯ ᠳᠤᠷᠠᠳᠤᠯᠭ᠎ᠠ︾ ᠵᠡᠷᠭᠡ ᠳᠤ ᠱᠠᠯᠠᠪᠳᠠᠭᠤᠯᠤᠨ ᠰᠢᠢᠳᠪᠦᠷᠢᠯᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠲᠦᠷᠢᠮ ᠤᠨ ᠵᠥᠪᠯᠡᠯ᠂ ᠰᠠᠨᠠᠯ ᠳᠤᠷᠠᠳᠤᠯᠭ᠎ᠠ ᠳᠤᠷᠠᠳᠤᠭᠴᠢ ᠵᠢᠴᠢ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃
   ᠬᠤᠷᠠᠯ ᠳᠡᠭᠡᠷ᠎ᠡ᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠠᠭᠠᠭᠠᠨ ᠠᠪᠴᠤ ᠰᠢᠢᠳᠪᠦᠷᠢᠯᠡᠭᠰᠡᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠ ᠬᠠᠷᠢᠭᠤᠯᠲᠠ ᠥᠭᠭᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠯ ᠳᠤᠷᠠᠳᠤᠯᠭ᠎ᠠ ᠳᠤᠷᠠᠳᠤᠭᠰᠠᠳ ᠲᠠᠢ ᠨᠢᠭᠤᠷᠳᠠᠨ ᠶᠠᠷᠢᠯᠴᠠᠪᠠ᠃ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠳᠠᠷᠠᠭᠠᠴᠢ ᠶᠢᠨ ᠠᠯᠬᠤᠮ ᠤᠨ ᠰᠢᠢᠳᠪᠦᠷᠢᠯᠡᠬᠦ ᠠᠵᠢᠯ ᠳᠤ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠫᠠᠩ ᠵᠦᠩ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠨᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠢᠯᠠᠩᠭᠤᠶ᠎ᠠ ᠨᠠᠰᠤᠲᠠᠶᠢᠴᠤᠳ ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ ᠴᠡᠭᠴᠡᠯᠡᠨ ᠵᠠᠰᠠᠬᠤ ᠪᠠ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠲᠠᠯᠳᠠ ᠭᠡᠮ ᠢ ᠰᠢᠢᠳᠪᠦᠷᠢᠯᠡᠬᠦ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠲᠡᠷᠡ᠂ ᠡᠯ᠎ᠡ ᠬᠤᠯᠪᠣᠭᠳᠠᠯ ᠪᠦᠬᠦᠢ ᠨᠢᠭᠡᠴᠡ ᠵᠣᠬᠢᠴᠠᠭᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠳᠤᠮᠳᠠ ᠲᠤᠯᠭᠠᠷᠠᠭᠰᠠᠨ ᠬᠦᠴᠢᠷᠳᠡᠯ ᠳᠤ ᠴᠢᠭᠯᠡᠭᠦᠯᠦᠨ᠂ ᠲᠡᠷᠡ ᠰᠢᠢᠳᠪᠦᠷᠢᠯᠡᠬᠦ ᠲᠥᠰᠦᠯ ᠢ ᠢᠳᠡᠪᠬᠢᠲᠡᠢ ᠡᠷᠢᠯᠬᠢᠯᠡᠵᠦ᠂ ᠵᠢᠱᠢᠶᠡᠯᠡᠪᠡᠯ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ᠃                                        ᠤᠷᠴᠢᠭᠤᠯᠤᠭᠴᠢ᠄ ᠰᠤᠷᠤᠨ᠎ᠠ                                      ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号