ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠨᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠵᠢᠯ ᠤᠨ ᠡᠬᠢᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ︽ᠨᠠᠮ ᠤᠨ ᠪᠠᠶᠢᠭᠤᠯᠤᠯᠲᠠ ᠪᠠᠷ ᠬᠠᠮ ᠵᠠᠭᠤᠴᠢᠯᠠᠭᠤᠷ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠬᠤ︾ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ︽ᠬᠤᠶᠠᠷ ᠢ ᠪᠤᠶᠢᠵᠢᠭᠤᠯᠤᠨ ᠬᠤᠶᠠᠷ ᠢ | ᠳᠡᠭᠡᠭᠰᠢᠯᠡᠭᠦᠯᠬᠦ︾ ᠠᠵᠢᠯ ᠢ ᠢᠳᠡᠪᠬᠢᠲᠡᠶ ᠲᠥᠯᠥᠪᠵᠢᠭᠦᠯᠵᠦ᠂ ᠨᠠᠮ ᠤᠨ ᠪᠠᠶᠢᠭᠤᠯᠤᠯᠲᠠ ᠪᠠ ᠰᠣᠨᠢᠨ ᠮᠡᠳᠡᠭᠡᠨ ᠤ | ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠪᠥᠬᠦ ᠬᠤᠰᠢᠭᠤᠨ ᠤ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠴᠢᠩᠭᠠᠳᠬᠠᠵᠤ᠂ ᠰᠢᠯᠵᠢᠮᠡᠯ ᠳᠠᠪᠠᠭᠤᠯᠢᠭ ᠢ ᠥᠷᠭᠡᠳᠬᠡᠬᠦ ᠳᠤᠮᠳᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯ ᠤᠷᠤᠰᠬᠠᠯ ᠤᠨ ᠥᠷᠲᠡᠭ | ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ ᠰᠢᠨ᠎ᠡ ᠵᠠᠭᠤᠴᠢᠯᠠᠭᠤᠷ ᠤᠨ ᠠᠮᠢ ᠠᠬᠤᠶ ᠶᠢᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠴᠢᠩᠭ᠎ᠠ ᠬᠦᠴᠦᠲᠡᠶ ᠶᠠᠷᠢᠶ᠎ᠠ ᠬᠡᠯᠡᠯᠴᠡᠭᠡᠨ ᠤ ᠲᠤᠯᠭᠠᠭᠤᠷᠢᠯᠠᠯ ᠬᠠᠩᠭᠠᠪᠠ᠃ | ᠨᠢᠭᠡ᠂ ᠠᠯᠪᠠᠨ ᠵᠠᠭᠤᠴᠢ ᠥᠪᠡᠷ ᠤᠨ ᠵᠠᠭᠤᠴᠢ ᠶᠢ ᠬᠥᠲᠥᠯᠥᠨ ᠳᠠᠭᠠᠭᠤᠯᠵᠤ ᠣᠷᠣᠯᠴᠠᠭᠤᠯᠵᠤ᠂ ᠰᠢᠨ᠎ᠡ | ᠵᠠᠭᠤᠴᠢᠯᠠᠭᠤᠷ ᠤᠨ ᠳᠠᠮᠵᠢᠭᠤᠯᠭ᠎ᠠ ᠶᠢᠨ ᠬᠡᠯᠪᠡᠷᠢ ᠶᠢᠨ ᠠᠮᠢᠳᠤᠯᠢᠭ ᠴᠢᠨᠠᠷ ᠢ ᠨᠡᠮᠡᠭᠳᠡᠭᠦᠯᠦᠨ᠎ᠡ | ︽ᠠᠭᠤᠰᠤᠯᠴᠠᠬᠤ︾ ᠳᠤᠮᠳᠠ ᠰᠢᠨ᠎ᠡ ᠶᠢ ᠡᠭᠦᠳᠴᠦ᠂ ᠬᠠᠮ ᠵᠠᠭᠤᠴᠢᠯᠠᠭᠤᠷ ᠢ ︽ᠠᠮᠢᠳᠤᠯᠢᠭ︾᠂ ︽ | ᠲᠦᠷᠭᠡᠨ︾᠂ ︽ᠰᠢᠨ᠎ᠡ︾ ᠪᠣᠯᠭᠠᠵᠤ᠂ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ᠂ ᠵᠠᠭᠤᠴᠢᠯᠠᠭᠤᠷ ᠤᠨ | ᠪᠠᠶᠢᠷᠢᠰᠢᠯ᠂ ᠤᠯᠠᠮᠵᠢᠯᠠᠬᠤ ᠠᠷᠭ᠎ᠠ ᠬᠡᠯᠪᠡᠷᠢ ᠶᠢᠨ ᠬᠤᠪᠢᠷᠠᠯᠲᠠ ᠶᠢᠨ ᠡᠮᠦᠨ᠎ᠡ᠂ ᠲᠥᠪ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠣᠶ ᠪᠣᠯᠭᠠᠬᠤ︾ ᠪᠠᠷ ᠭᠤᠤᠯ ᠰᠢᠵᠢᠮ ᠪᠣᠯᠭᠠᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠤᠮᠳᠠᠬᠢ ᠠᠯᠪᠠᠨ ᠤ | ᠵᠠᠭᠤᠴᠢᠯᠠᠭᠤᠷ ᠤᠨ ᠬᠥᠲᠥᠯᠦᠨ ᠳᠠᠭᠠᠭᠤᠯᠬᠤ ᠦᠢᠯᠡᠳᠦᠯ ᠢ ᠬᠡᠷᠬᠢᠨ ᠪᠠᠳᠠᠷᠠᠭᠤᠯᠬᠤ ᠶᠢ ᠢᠳᠡᠪᠬᠢᠲᠡᠶ ᠰᠦᠪᠡᠭᠴᠢᠯᠡᠵᠦ᠂ | ᠲᠥᠪ ᠤᠨ ᠠᠵᠢᠯᠲᠠᠨ ᠴᠥᠭᠡᠨ᠂ ᠢᠯᠠᠩᠭᠤᠶ᠎ᠠ ᠲᠤᠰᠬᠠᠶ ᠮᠡᠷᠭᠡᠵᠢᠯ ᠤᠨ ᠠᠵᠢᠯᠲᠠᠨ ᠴᠥᠭᠡᠨ ᠠᠴᠠ ᠪᠣᠯᠤᠭᠰᠠᠨ | ᠰᠢᠨ᠎ᠡ ᠵᠠᠭᠤᠴᠢᠯᠠᠭᠤᠷ ᠤᠨ ᠠᠳᠠᠯᠢ ᠪᠤᠰᠤ ᠲᠠᠪᠴᠠᠩ ᠳᠤ ᠦᠢᠯᠡᠳᠬᠦᠨ ᠠᠳᠠᠯᠢ ᠪᠤᠰᠤ ᠶᠠᠰᠤ ᠴᠢᠨᠠᠷ ᠢ ᠨᠡᠶᠢᠲᠡᠯᠡᠬᠦ | ᠠᠰᠠᠭᠤᠳᠠᠯ ᠢ ᠰᠢᠢᠳᠪᠦᠷᠢᠯᠡᠵᠦ᠂ ᠠᠯᠪᠠᠨ ᠤ ᠵᠠᠭᠤᠴᠢᠯᠠᠭᠤᠷ ᠤᠨ ᠭᠠᠭᠴᠠ ᠡᠪᠡᠷᠲᠦ ᠵᠦᠴᠦᠭᠡ ᠪᠠ ᠲᠣᠰ ᠭᠠᠵᠠᠷ ᠤᠨ | ᠰᠦᠯᠵᠢᠶᠡᠨ ᠤ ᠣᠶ᠂ ᠶᠡᠭᠡ V ᠶᠢ ᠬᠥᠭᠵᠢᠭᠦᠯᠵᠦ᠂ ᠨᠠᠷᠢᠨ ᠪᠢᠴᠢᠭᠡᠴᠢ ᠶᠢᠨ ᠰᠠᠭᠤᠷᠢ ᠲᠤᠭ᠎ᠠ ᠪᠠ ᠲᠠᠩᠰᠠᠨ | ᠨᠣᠮᠧᠷ ᠤᠨ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠲᠠᠢ ᠣᠶᠢᠷᠠᠲᠤᠭᠰᠠᠨ ᠰᠢᠨ᠎ᠡ | ᠵᠠᠭᠤᠴᠢᠯᠠᠭᠤᠷ ᠤᠨ ᠤᠯᠠᠮᠵᠢᠯᠠᠬᠤ ᠠᠷᠭ᠎ᠠ ᠮᠠᠶ᠋ᠢᠭ ᠪᠠ ᠠᠭᠤᠯᠭ᠎ᠠ ᠶᠢ ᠨᠠᠩ ᠣᠯᠠᠨ ᠰᠢᠨ᠎ᠡ ᠪᠠᠷ ᠡᠭᠦᠳᠴᠦ᠂ ᠰᠢᠨ᠎ᠡ | ᠪᠠᠶᠢᠳᠠᠯ ᠢ ᠡᠷᠢᠯᠬᠢᠯᠡᠵᠦ᠂ ᠰᠢᠨ᠎ᠡ ᠵᠠᠮ ᠢ ᠨᠡᠭᠡᠭᠡᠵᠦ᠂ ᠮᠠᠩᠯᠠᠶᠢᠯᠠᠬᠤ ᠶᠢ ᠪᠡᠶᠡᠯᠡᠭᠦᠯᠦᠨ᠎ᠡ᠃ ᠵᠢᠯ ᠤᠨ ᠡᠬᠢᠨ ᠳᠤ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠯᠠᠨ ᠰᠣᠶᠣᠯ ᠤᠷᠠᠯᠢᠭ ᠤᠨ ᠨᠡᠶᠢᠭᠡᠮᠯᠢᠭ᠂ ᠠᠷᠠᠳ ᠤᠨ | ᠳᠤᠮᠳᠠᠬᠢ ᠤᠳᠬ᠎ᠠ ᠵᠣᠬᠢᠶᠠᠯ ᠤᠨ ᠳᠤᠷ᠎ᠠ ᠪᠠᠭ᠋ᠠᠲᠠᠶ ᠳᠠᠪᠠᠭᠤᠯᠢᠭ ᠢ ᠠᠰᠢᠭᠯᠠ᠂ ᠲᠥᠪ ᠨᠢ ᠬᠡᠷᠡᠭᠯᠡᠭᠴᠢ ᠶᠢᠨ | ᠦᠵᠦᠭᠦᠷ᠂ ᠣᠯᠠᠨ ᠨᠡᠶᠢᠲᠡ ᠶᠢᠨ ᠳ᠋ᠤᠭᠠᠷ᠂ ᠸᠢᠳᠢᠤ᠋ ᠶᠢᠨ ᠳ᠋ᠤᠭᠠᠷ᠂ ᠲᠢᠭ ᠳᠤᠭᠲᠤᠢ᠂ ᠬᠤᠷᠳᠤᠨ ᠭᠠᠷ ᠨᠣᠮᠧᠷ | ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠤᠰᠬᠠᠶᠢᠯᠠᠨ ︽ᠥᠪᠡᠷ ᠤᠨ ᠵᠠᠭᠤᠴᠢ ᠶᠢᠨ ᠨᠢᠳᠦ︾ ᠪᠤᠯᠤᠩ | ᠭᠠᠷᠭᠠᠵᠤ᠂ ᠬᠥᠮᠥᠵᠢᠭᠦᠯᠬᠦ᠂ ᠭᠥᠯᠢᠶᠡᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠰᠢᠭᠤᠨ ᠤ | ᠬᠤᠪᠢ ᠶᠢᠨ ᠵᠠᠭᠤᠴᠢᠯᠠᠭᠤᠷ ᠤᠨ ᠬᠥᠮᠥᠰ ᠤᠨ ᠡᠬᠡ ᠪᠢᠴᠢᠭ ᠢᠶᠠᠨ ᠢᠳᠡᠪᠬᠢᠲᠡᠶ ᠬᠦᠷᠭᠡᠬᠦ ᠶᠢ ᠵᠣᠷᠢᠭᠵᠢᠭᠤᠯᠵᠤ᠂ | ᠣᠯᠠᠨ ᠤ ᠤᠬᠠᠭᠠᠨ ᠬᠠᠮᠲᠤ ᠶᠢᠨ ᠬᠦᠴᠦᠨ ᠢ ᠪᠠᠳᠠᠷᠠᠭᠤᠯᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠬᠤᠶᠠᠷ᠂ ᠪᠠᠶᠢᠷᠢ ᠲᠣᠭᠲᠠᠭᠠᠬᠤ ᠰᠢᠰᠲ᠋ᠧᠮ ᠤᠨ ᠪᠠᠶᠢᠷᠢᠯᠠᠭᠤᠯᠤᠯᠲᠠ ᠶᠢ ᠲᠣᠳᠣᠷᠬᠠᠶᠢᠯᠠᠵᠤ᠂ ᠰᠢᠨ᠎ᠡ | ᠵᠠᠭᠤᠴᠢᠯᠠᠭᠤᠷ ᠤᠨ ᠠᠭᠤᠯᠭ᠎ᠠ ᠶᠢ ᠵᠣᠬᠢᠶᠠᠨ ᠪᠦᠲᠦᠭᠡᠬᠦ ᠤᠯᠠᠨ ᠶᠠᠩᠵᠤᠲᠤ ᠴᠢᠨᠠᠷ ᠢ ᠨᠡᠮᠡᠭᠳᠡᠭᠦᠯᠦᠨ᠎ᠡ | ︽ᠥᠪᠡᠷ ᠤᠨ ᠵᠠᠭᠤᠴᠢᠯᠠᠭᠤᠷ ᠤᠨ ᠨᠢᠳᠦ︾ ᠭᠡᠬᠦ ᠪᠤᠯᠤᠩ ᠨᠡᠷᠡᠲᠦ ᠬᠥᠮᠦᠰ ᠭᠡᠪᠡᠯ ᠨᠡᠢᠲᠡᠯᠡᠭᠰᠡᠨ ᠠᠭᠤᠯᠭ᠎ᠠ ᠨᠢ | ᠲᠤᠬᠠᠢ ᠶᠢᠨ ᠭᠠᠵᠠᠷ ᠤᠨ ᠥᠪᠡᠷ ᠤᠨ ᠵᠠᠭᠤᠴᠢᠯᠠᠭᠤᠷ ᠤᠨ ᠬᠥᠮᠦᠰ ᠤᠨ ᠤᠳᠭ᠎ᠠ ᠵᠣᠬᠢᠶᠠᠯ ᠤᠳᠭ᠎ᠠ ᠤᠷᠠᠯᠢᠭ ᠤᠨ | ᠸᠢᠳᠢᠤ᠋ ᠵᠡᠷᠭᠡ ᠰᠢᠨ᠎ᠡ ᠵᠠᠭᠤᠴᠢᠯᠠᠭᠤᠷ ᠤᠨ ᠪᠦᠲᠦᠭᠡᠯ ᠢᠶᠠᠷ ᠭᠤᠣᠯ ᠪᠣᠯᠭᠠᠵᠤ᠂ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠯ᠎ᠡ ᠲᠠᠪᠴᠠᠩ ᠳᠤ ᠳᠦᠰᠢᠭᠯᠡᠨ ᠳᠡᠯᠭᠡᠨ ᠦᠵᠡᠭᠦᠯᠵᠦ ᠪᠠᠶᠢᠨ᠎ᠠ᠃ | ︽ᠪᠦᠷᠭᠦᠳ︾ ᠭᠡᠬᠦ ᠨᠡᠪᠲᠡᠷᠡᠭᠦᠯᠭᠡ ᠨᠢ ᠣᠳᠣᠬᠠᠨ ᠳᠤ ᠨᠡᠶᠢᠲᠡ ᠳᠥᠷᠪᠡᠨ ᠭᠤᠤᠯ ᠰᠡᠳᠦᠪ ᠪᠣᠯᠤᠨ᠎ᠠ᠃ ︽ | ᠪᠦᠷᠭᠦᠳ︾ ︽ᠬᠠᠷᠴᠠᠭᠠᠢ︾ ︽ᠬᠤᠶᠢᠳᠤ ᠬᠤᠰᠢᠭᠤ︾ ᠲᠢᠭ ᠲᠠᠭ᠂ ᠬᠤᠷᠳᠤᠨ ᠭᠠᠷ᠂ ᠬᠠᠷᠠᠭᠠᠨ | ᠳᠠᠪᠲᠠᠮᠵᠢ ᠶᠢᠨ ᠨᠣᠮᠧᠷ᠂ ᠬᠠᠷᠢᠴᠠᠭᠠᠨ ᠤ ᠦᠵᠦᠭᠦᠷ᠂ ᠵᠢᠵᠢᠭ ᠤᠯᠠᠭᠠᠨ ᠨᠣᠮ ᠵᠡᠷᠭᠡ ᠲᠠᠪᠴᠠᠩ ᠳᠤ ᠨᠡᠶᠢᠳᠡᠯᠡᠵᠤ᠂ | ︽︿ᠪᠢᠴᠢᠭ﹀ ᠶᠢᠨ ᠬᠤᠶᠢᠳᠤ ᠬᠤᠰᠢᠭᠤ︾ ︽ᠨᠣᠮ ᠤᠨ ᠬᠦᠷᠢᠶᠡᠯᠡᠩ ᠤᠨ ᠬᠤᠶᠢᠳᠤ ᠬᠤᠰᠢᠭᠤ︾ ᠶᠢᠨ | ᠬᠠᠷᠢᠴᠠᠭᠠᠨ ᠡᠷᠦᠬᠡ᠂ ᠣᠯᠠᠨ ᠨᠡᠶᠢᠳᠡ ᠶᠢᠨ ᠨᠣᠮᠧᠷ᠂ ᠲᠡᠷᠢᠭᠦᠨ ᠵᠤᠷᠪᠤᠰ ᠤᠨ ᠲᠠᠪᠴᠠᠩ ᠵᠡᠷᠭᠡ ᠲᠠᠪᠴᠠᠩ ᠳᠤ | ᠨᠡᠶᠢᠲᠡᠯᠡᠨ᠎ᠡ᠃ | ᠭᠤᠷᠪᠠ᠂ ᠢᠳᠡᠪᠬᠢᠲᠡᠶ ᠪᠠᠷ ᠳᠠᠶᠢᠴᠢᠯᠠᠨ ᠠᠳᠠᠯᠢ ᠴᠢᠭᠯᠡᠯ ᠢᠶᠠᠷ ᠬᠦᠴᠦᠯᠡᠵᠦ᠂ ᠰᠢᠨ᠎ᠡ ᠵᠠᠭᠤᠴᠢᠯᠠᠭᠤᠷ ᠤᠨ | ᠲᠠᠪᠴᠠᠩ ᠤᠨ ᠨᠠᠩᠭᠢ ᠴᠢᠨᠠᠷ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ︽ᠥᠪᠡᠷ ᠤᠨ ᠵᠠᠭᠤᠴᠢᠯᠠᠭᠤᠷ ᠤᠨ ᠨᠢᠳᠦ︾ ᠶᠢᠨ ᠲᠥᠰᠦᠪᠯᠡᠯ ᠠᠴᠠ ᠪᠤᠯᠤᠩ ᠨᠡᠭᠡᠭᠡᠵᠦ ᠡᠵᠡᠩᠨᠡᠬᠦ ᠬᠦᠷᠲᠡᠯ᠎ᠡ᠂ | ᠲᠥᠪ ᠤᠨ ᠤᠳᠤᠷᠢᠳᠤᠯᠭ᠎ᠠ ᠲᠤᠬᠠᠶ ᠶᠢᠨ ᠭᠠᠵᠠᠷ ᠤᠨ ᠭᠡᠷᠡᠯ ᠵᠢᠷᠤᠭᠴᠢᠳ ᠤᠨ ᠨᠡᠶᠢᠭᠡᠮᠯᠢᠭ᠂ ᠵᠣᠬᠢᠶᠠᠯᠴᠢᠳ ᠤᠨ | ᠨᠡᠶᠢᠭᠡᠮᠯᠢᠭ᠂ ᠲᠤᠬᠠᠢ ᠶᠢᠨ ᠭᠠᠵᠠᠷ ᠤᠨ ᠰᠦᠯᠵᠢᠶᠡᠨ ᠤᠯᠠᠨ ᠯᠤᠭ᠎ᠠ ᠢᠳᠡᠪᠬᠢᠲᠡᠶ ᠪᠠᠷ ᠶᠠᠷᠢᠯᠴᠠᠨ ᠰᠣᠯᠢᠯᠴᠠᠵᠤ᠂ | ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠪᠤᠯᠤᠩ ᠤᠨ ᠤᠷᠤᠭᠰᠢᠲᠠᠶ ᠨᠡᠪᠲᠡᠷᠡᠬᠦ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠶ᠃ ᠨᠢᠭᠡ ᠵᠢᠯ ᠰᠢᠬᠠᠮ ᠤᠨ ᠬᠠᠶᠢᠨ ᠰᠦᠪᠡᠭᠴᠢᠯᠡᠯᠲᠡ ᠦᠢᠯᠡᠳᠦᠯᠭᠡ ᠪᠠᠷ ᠳᠠᠮᠵᠢᠨ᠂ ᠲᠥᠪ ᠨᠢ | ᠬᠠᠮ ᠵᠠᠭᠤᠴᠢᠯᠠᠭᠤᠷ ᠤᠨ ᠬᠥᠭᠵᠢᠯᠲᠡ ᠶᠢᠨ ᠠᠯᠬᠤᠭ᠎ᠠ ᠶᠢ ᠳᠠᠭᠠᠵᠤ᠂ ᠣᠯᠠᠨ ᠨᠡᠶᠢᠲᠡ ᠶᠢᠨ ᠬᠡᠷᠡᠭᠴᠡᠭᠡ ᠶᠢ | ᠬᠠᠩᠭᠠᠬᠤ ᠪᠠ ᠢᠯᠡᠷᠡᠭᠦᠯᠬᠦ ᠬᠡᠯᠪᠡᠷᠢ ᠠᠴᠠ ᠬᠦᠴᠦ ᠭᠦᠢᠴᠡᠳ ᠪᠣᠯᠵᠤ᠂ ᠠᠯᠪᠠᠨ ᠤ ᠵᠠᠭᠤᠴᠢᠯᠠᠭᠤᠷ ᠥᠪᠡᠷ ᠢᠶᠠᠷ | ᠵᠠᠭᠤᠴᠢᠯᠠᠭᠤᠷ ᠠᠳᠠᠯᠢ ᠳᠠᠪᠲᠠᠮᠵᠢ ᠪᠠᠷ ᠵᠡᠷᠭᠡᠪᠡᠷ ᠬᠥᠭᠵᠢᠬᠦ ᠶᠢ ᠪᠡᠶᠡᠯᠡᠭᠦᠯᠵᠦ᠂ ᠡᠨᠡ ᠬᠦ ᠶᠠᠪᠤᠴᠠ ᠳᠤ | ᠬᠡᠷᠡᠭᠯᠡᠭᠴᠢᠳ ᠢ ᠥᠪᠡᠷ ᠢᠶᠠᠷ ᠵᠠᠭᠤᠴᠢ ᠶᠢᠨ ᠲᠥᠪ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠵᠤ᠂ ᠬᠤᠪᠢ ᠶᠢᠨ ᠵᠠᠭᠤᠴᠢᠯᠠᠭᠤᠷ ᠤᠨ ᠬᠥᠮᠦᠨ ᠤ ᠥᠷᠲᠡᠭ ᠢ ᠢᠯᠡᠷᠡᠭᠦᠯᠬᠦ ᠶᠢᠨ ᠬᠠᠮᠲᠤ᠂ ᠬᠠᠮ | ᠵᠠᠭᠤᠴᠢᠯᠠᠭᠤᠷ ᠤᠨ ᠲᠥᠪ ᠤᠨ ᠦᠢᠯᠡᠳᠬᠦᠨ ᠤ ᠠᠭᠤᠯᠭ᠎ᠠ ᠶᠢᠨ ᠤᠩᠰᠢᠵᠤ ᠪᠣᠯᠬᠤᠶᠢᠴᠠ ᠴᠢᠨᠠᠷ ᠪᠠ ᠰᠣᠨᠢᠷᠬᠠᠯᠲᠤ | ᠴᠢᠨᠠᠷ ᠢ ᠨᠡᠮᠡᠭᠳᠡᠭᠦᠯᠵᠦ᠂ ᠬᠠᠮ ᠵᠠᠭᠤᠴᠢᠯᠠᠭᠤᠷ ᠤᠨ ᠲᠥᠪ ᠤᠨ ᠡᠯ᠎ᠡ ᠲᠠᠪᠴᠠᠩ ᠤᠨ ᠨᠠᠩᠭᠢ ᠴᠢᠨᠠᠷ ᠪᠠ ᠲᠠᠲᠠᠬᠤ | ᠬᠦᠴᠦᠨ ᠢ ᠨᠡᠮᠡᠭᠳᠡᠭᠦᠯᠵᠡᠶ᠃ ᠣᠲᠣ ᠪᠣᠯᠲᠠᠯ᠎ᠠ᠂ ︽ᠬᠤᠪᠢ ᠶᠢᠨ ᠵᠠᠭᠤᠴᠢᠯᠠᠭᠤᠷ ᠤᠨ ᠨᠢᠳᠦ︾ ᠨᠡᠶᠢᠲᠡ 117 | ᠭᠠᠷᠤᠶ ᠬᠤᠪᠢ ᠨᠡᠶᠢᠲᠡᠯᠡᠵᠦ᠂ ᠲᠣᠰ ᠪᠤᠯᠤᠩ ᠤᠨ ᠶᠡᠷᠦᠩᠬᠡᠶ ᠨᠡᠪᠲᠡᠷᠡᠭᠦᠯᠦᠭᠰᠡᠨ ᠨᠢ 70 ᠲᠦᠮᠡᠨ + ᠪᠠᠶᠢᠵᠤ᠂ | ᠡᠭᠦᠨ ᠳᠤ ᠸᠢᠳᠢᠣ᠋ ᠲᠥᠷᠥᠯ ᠤᠨ 96 ᠬᠤᠪᠢ᠂ ᠵᠣᠬᠢᠶᠠᠯ ᠤᠨ ᠲᠥᠷᠥᠯ ᠤᠨ 21 ᠬᠤᠪᠢ ᠪᠠᠶᠢᠵᠤ᠂ ᠡᠭᠦᠨ ᠳᠤ | ᠣᠬᠤᠷ ᠸᠢᠳᠢᠤ᠋ ᠶᠢᠨ ᠬᠠᠶᠢᠬᠤ ᠬᠡᠮᠵᠢᠶ᠎ᠡ ᠨᠢ 1 ᠲᠦᠮᠡ ᠠᠴᠠ ᠳᠡᠭᠡᠭᠰᠢ ᠪᠠᠶᠢᠪᠠᠯ 5 ᠵᠤᠷᠪᠤᠰ᠂ 5 ᠮᠢᠩᠭ᠎ᠠ ᠠᠴᠠ | ᠳᠡᠭᠡᠭᠰᠢ ᠪᠠᠶᠢᠪᠠᠯ 16 ᠵᠤᠷᠪᠤᠰ ᠪᠣᠶ᠃ | | ᠵᠣᠬᠢᠶᠠᠭᠴᠢ᠄ ᠱᠢ ᠸᠧᠶ ᠷᠠᠨ᠂ ᠯᠢ ᠲᠢᠩ ᠸᠧᠶ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |