ᠰᠠᠶᠢᠨ ︽ᠲᠣᠮᠣ ᠬᠠᠮᠢᠶᠠᠷᠤᠭᠴᠢ︾ ᠪᠣᠯᠵᠣ᠂ ︽ᠵᠣᠭᠤᠰᠣᠨ ᠤᠭᠤᠲᠠ︾ ᠶᠢ ᠰᠠᠶᠢᠲᠤᠷ ᠰᠠᠬᠢᠵᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ
ᠨᠡᠶᠢᠲᠡᠯᠡᠭᠰᠡᠨ ᠴᠠᠭ᠄
2024/10/9
ᠬᠦᠨᠳᠦᠲᠦ ᠵᠤᠴᠢᠨ:     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠭᠦᠸᠧ ᠶᠠᠨ ᠫᠢᠩ ᠲᠤᠪᠴᠢᠯᠠᠭᠤᠷ᠄    ︽ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ᠂ ᠤᠷᠤᠬᠰᠢᠯᠠᠯᠳᠠ ᠶᠢᠨ ᠲᠤᠮᠳᠠ ᠲᠤᠬᠢᠷᠠᠭᠤᠯᠤᠨ ᠰᠢᠯᠢᠳᠡᠭᠵᠢᠬᠦᠯᠬᠦ ᠶᠢ ᠪᠠᠷᠢᠮᠳᠠᠯᠠᠵᠥ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠢᠳᠡᠪᠬᠢᠳᠡᠢ ᠦᠢᠯᠡᠴᠢᠯᠡᠬᠦ ᠪᠠ ᠠᠭᠤᠰᠤᠯᠴᠠᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠡᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠳᠤᠷ ᠵᠠᠮᠨᠠᠵᠥ᠂ ᠦᠷ᠎ᠡ ᠪᠦᠳᠦᠮᠵᠢ ᠶᠢ ᠨᠡᠮᠡᠭᠳᠡᠬᠦᠯᠬᠦ ᠳᠤ ᠢᠳᠡᠪᠬᠢᠳᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠬᠦᠴᠦᠯᠡᠨ ᠭᠡᠷᠡᠭᠵᠢᠬᠦᠯᠵᠥ᠂ ᠬᠦᠨᠳᠦ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠵᠥ᠂ ᠠᠵᠥ ᠠᠬᠤᠢ ᠶᠢᠨ ᠶᠠᠰᠤ ᠴᠢᠨᠠᠷ ᠢ ᠪᠦᠳᠦᠮᠵᠢᠳᠡᠢ ᠲᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠦᠢ ᠵᠤᠬᠢᠰᠳᠠᠢ ᠨᠡᠮᠡᠭᠳᠡᠯ ᠢ ᠪᠡᠶᠡᠯᠡᠬᠦᠯᠬᠦ ᠶᠢ ᠠᠬᠢᠭᠤᠯᠵᠥ᠂ ᠨᠡᠶᠢᠭᠡᠮ ᠤᠨ ᠶᠡᠭᠡ ᠲᠠᠯ᠎ᠠ ᠶᠢᠨ ᠲᠤᠬᠳᠠᠭᠤᠨ ᠢ ᠪᠠᠳᠤᠯᠠᠵᠥ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠠᠵᠥ ᠠᠬᠤᠢ ᠶᠢᠨ ᠬᠦᠭᠵᠢᠯᠳᠡ ᠶᠢ ᠠᠬᠢᠭᠤᠯᠬᠤ ᠳᠤ ᠨᠡᠩ ᠤᠯᠠᠨ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠡᠢ᠃ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ    【 ᠭᠦᠳᠤᠯᠦᠭᠴᠢ 】 ᠰᠦᠯᠵᠢᠶᠡᠨ ᠤ ᠠᠨᠲᠠ ᠨᠠᠷ ᠰᠠᠶᠢᠨ ᠪᠠᠶᠢᠨ᠎ᠠ ᠤᠤ︕ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠦ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ  ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠦᠸᠧ ᠶᠠᠨ ᠫᠢᠩ ᠨᠥᠬᠦᠷ ᠢ ᠤᠷᠢᠵᠤ ᠥᠷᠭᠡᠨ ᠣᠯᠠᠨ ᠰᠦᠯᠵᠢᠶᠡᠨ ᠢᠷᠭᠡᠳ ᠲᠠᠢ ᠰᠠᠨᠠᠯ ᠪᠣᠳᠣᠯ ᠢᠶᠠᠨ ᠰᠤᠯᠢᠯᠴᠠᠶ᠎ᠡ᠃    【 ᠭᠥᠸᠧ ᠶᠠᠨ ᠫᠢᠩ 】 ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ︕ ᠰᠦᠯᠵᠢᠶᠡᠨ ᠤ ᠬᠡᠯᠪᠡᠷᠢ ᠪᠠᠷ ᠳᠠᠮᠵᠢᠭᠤᠯᠤᠨ ᠣᠯᠠᠨ ᠲᠠᠢ ᠶᠠᠷᠢᠯᠴᠠᠵᠤ ᠰᠠᠨᠠᠯ ᠪᠣᠳᠣᠯ ᠢᠶᠠᠨ ᠰᠣᠯᠢᠯᠴᠠᠭᠰᠠᠨ ᠳᠠᠭᠠᠨ ᠲᠣᠩ ᠪᠠᠶᠠᠷᠲᠠᠢ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠡᠳᠦ᠋ᠢᠪᠡᠷ ᠶᠡᠭᠡ ᠬᠡᠮᠵᠢᠶᠡᠨ ᠤ ᠠᠵᠢᠯ ᠬᠢᠭᠰᠡᠨ ᠪᠣᠯᠪᠠᠴᠤ ᠬᠦᠷᠦᠯᠴᠡᠬᠦ ᠦᠭᠡᠢ ᠲᠠᠯ᠎ᠠ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠠᠵᠢᠯ ᠤᠨ ᠲᠤᠬᠠᠢ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ᠂ ᠪᠢᠳᠡ ᠠᠷᠠᠳ ᠤᠯᠠᠨ ᠳᠤ ᠨᠡᠩ ᠰᠠᠶᠢᠲᠤᠷ ᠦᠢᠯᠡᠴᠢᠯᠡᠬᠦ ᠳᠤ ᠬᠢᠨᠠᠯᠲᠠ ᠲᠠᠯᠪᠢᠨ᠎ᠠ᠃    【 ᠭᠦᠳᠤᠯᠦᠭᠴᠢ 】 ᠪᠥᠬᠦ ᠬᠤᠰᠢᠭᠤᠨ ᠤ ᠠᠵᠤ ᠠᠬᠤᠶ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠦᠸᠧ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠤᠭᠰᠠᠨ ᠢᠶᠠᠷ᠂ ᠮᠠᠨ ᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2023 ᠣᠨ ᠤ ᠬᠥᠭᠵᠢᠯᠲᠡ ᠶᠢᠨ ᠶᠡᠷᠦᠩᠬᠡᠶ ᠰᠡᠳᠬᠢᠮᠵᠢ ᠨᠢ ᠶᠠᠭᠤ ᠶᠠᠭᠤ ᠪᠣᠶ︖    【 ᠭᠥᠸᠧ ᠶᠠᠨ ᠫᠢᠩ 】 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠪᠥᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠠᠭᠤᠰᠤᠯᠴᠠᠬᠤ ᠶᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ ᠢᠳᠡᠪᠬᠢᠲᠡᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ᠃    【 ᠭᠦᠳᠤᠯᠦᠭᠴᠢ 】2023 ᠤᠨ ᠤ ᠪᠦᠬᠦ ᠬᠤᠰᠢᠭᠤᠨ ᠤ ᠡᠳ᠋ ᠤᠨ ᠵᠠᠰᠠᠭ ᠤᠨ ᠵᠢᠯ ᠤᠨ ᠬᠠᠷᠠᠯᠲᠠ ᠪᠠᠨ ᠪᠠᠶᠡᠯᠠᠭᠦᠯᠤᠭᠰᠡᠨ ᠪᠠᠶᠢᠳᠠᠯ ᠨᠢ ᠶᠠᠮᠠᠷ ᠪᠤᠢ︖    【 ᠭᠥᠸᠧ ᠶᠠᠨ ᠫᠢᠩ 】 ᠣᠷᠣᠯᠭ᠎ᠠ ᠶᠢᠨ ᠪᠠᠶᠢᠳᠠᠯ᠄ 2023 ᠣᠨ ᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 38076 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 2007 ᠲᠦᠮᠡᠨ ᠲᠥᠭᠦᠷᠢᠭ ᠨᠡᠮᠡᠭᠳᠡᠵᠦ᠂ ᠪᠠᠶᠢᠭᠠᠯᠢ ᠶᠢᠨ ᠪᠠᠶᠢᠳᠠᠯ ᠢᠶᠠᠷ 5.56% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 26542 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 781 ᠲᠦᠮᠡᠨ ᠲᠥᠭᠦᠷᠢᠭ ᠨᠡᠮᠡᠭᠳᠡᠵᠦ᠂ 3.03% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 11534 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1226 ᠲᠦᠮᠡᠨ ᠲᠥᠭᠦᠷᠢᠭ ᠨᠡᠮᠡᠭᠳᠡᠵᠦ᠂ 11.89% ᠨᠡᠮᠡᠭᠳᠡᠪᠡ᠃     ᠵᠠᠷᠤᠯᠭ᠎ᠠ ᠶᠢᠨ ᠪᠠᠶᠢᠳᠠᠯ᠄ 2023 ᠣᠨ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 256110 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 3468 ᠲᠦᠮᠡᠨ ᠲᠥᠭᠦᠷᠢᠭ ᠨᠡᠮᠡᠭᠳᠡᠵᠦ᠂ 1.4% ᠨᠡᠮᠡᠭᠳᠡᠪᠡ᠃    【 ᠭᠦᠳᠤᠯᠦᠭᠴᠢ 】2023 ᠣᠨ ᠳᠤ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠠᠮᠠᠷ ᠶᠠᠮᠠᠷ ᠠᠵᠢᠯ ᠬᠢᠭᠰᠡᠨ ᠪᠣᠶ︖    【 ᠭᠦᠸᠧ ᠶᠠᠨ ᠫᠢᠩ 】 ᠳᠡᠭᠡᠳᠦ ᠱᠠᠲᠤᠨ ᠤ ᠰᠢᠯᠵᠢᠭᠦᠯᠦᠨ ᠥᠭᠬᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠤᠨ᠎ᠠ᠃ 2023 ᠣᠨ ᠳᠤ ᠮᠠᠨ ᠤ ᠲᠣᠪᠴᠢᠶ᠎ᠠ ᠳᠡᠭᠡᠳᠦ ᠱᠠᠲᠤᠨ ᠠᠴᠠ 189528.216 ᠲᠦᠮᠡᠨ ᠲᠥᠭᠦᠷᠢᠭ ᠤᠨ ᠡᠩ ᠤᠨ ᠰᠢᠯᠵᠢᠭᠦᠯᠦᠨ ᠲᠥᠯᠥᠬᠦ ᠪᠠᠷ ᠴᠢᠷᠮᠠᠶᠢᠵᠤ᠂ ᠲᠤᠰᠬᠠᠢ ᠲᠥᠷᠥᠯ ᠤᠨ ᠰᠢᠯᠵᠢᠭᠦᠯᠦᠨ ᠥᠭᠬᠦ ᠮᠥᠩᠭᠦ ᠶᠢ 26386.19 ᠲᠦᠮᠡᠨ ᠲᠥᠭᠦᠷᠢᠭ ᠲᠡᠮᠡᠴᠡᠨ ᠣᠯᠵᠤ᠂ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ 23800 ᠲᠦᠮᠡᠨ ᠲᠥᠭᠦᠷᠢᠭ ᠲᠡᠮᠡᠴᠡᠨ ᠣᠯᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢ 6202 ᠲᠦᠮᠡᠨ ᠲᠥᠭᠦᠷᠢᠭ ᠴᠢᠷᠮᠠᠶᠢᠨ ᠣᠯᠪᠠ᠃    ︵ᠬᠤᠶᠠᠷ︶ ᠲᠦᠷ ᠴᠠᠭ ᠵᠣᠭᠤᠰ ᠥᠭᠬᠦ ᠶᠢ ᠢᠳᠡᠪᠬᠢᠲᠡᠶ ᠪᠠᠷ ᠰᠢᠩᠭᠡᠭᠡᠵᠦ᠂ ᠳᠠᠬᠢᠨ ᠰᠢᠨ᠎ᠡ ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ 2022 ᠣᠨ ᠤ ᠵᠢᠯ ᠤᠨ ᠡᠴᠦᠰ ᠲᠤ᠂ ᠮᠠᠨ ᠤ ᠬᠤᠰᠢᠭᠤ 14999.61 ᠲᠦᠮᠡᠨ ᠲᠥᠭᠦᠷᠢᠭ ᠤᠨ ᠲᠦᠷ ᠴᠠᠭ ᠵᠣᠭᠤᠰ ᠥᠭᠴᠦ᠂ ᠪᠥᠬᠦ ᠬᠤᠰᠢᠭᠤᠨ ᠤ ᠡᠯ᠎ᠡ ᠲᠥᠰᠦᠪ ᠤᠨ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠳᠠᠯ ᠤᠨ ᠵᠠᠷᠤᠯᠭ᠎ᠠ ᠳᠤ ᠬᠡᠷᠡᠭᠯᠡᠪᠡ᠃ 2023 ᠣᠨ ᠳᠤ ᠨᠢᠭᠡᠨᠲᠡ 11186.5 ᠲᠦᠮᠡᠨ ᠲᠥᠭᠦᠷᠢᠭ ᠤᠨ ᠲᠦᠷ ᠵᠠᠷᠤᠴᠠᠭᠤᠯᠵᠤ᠂ 3813 ᠲᠦᠮᠡᠨ ᠲᠥᠭᠦᠷᠢᠭ ᠤᠨ ᠦᠯᠡᠳᠡᠪᠦᠷᠢ ᠲᠠᠢ ᠪᠣᠯᠵᠠᠢ᠃    ︵ᠭᠤᠷᠪᠠ︶ ᠲᠤᠨᠤᠮᠠᠯ ᠪᠡᠯᠡ ᠮᠥᠩᠭᠦ ᠶᠢ ᠴᠠᠭ ᠲᠤᠬᠠᠶ ᠳᠤᠨᠢ ᠬᠤᠷᠢᠶᠠᠨ ᠠᠪᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠥᠷᠢ ᠥᠭᠴᠡᠭᠡ ᠶᠢ ᠠᠷᠢᠯᠭᠠᠬᠤ ᠳᠤ ᠨᠢᠭᠡᠳᠦᠯᠲᠡᠶ ᠬᠡᠷᠡᠭᠯᠡᠨ᠎ᠡ᠃ ᠳᠠᠷᠤᠭᠳᠠᠮᠠᠯ ᠪᠠᠯᠠ ᠮᠥᠩᠭᠦ ᠶᠢ ᠶᠡᠭᠡ ᠪᠠᠷ ᠡᠬᠢᠯᠡᠭᠦᠯᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠮᠠᠨ ᠤ ᠬᠤᠰᠢᠭᠤ ︽ᠳᠠᠷᠤᠭᠳᠠᠮᠠᠯ ᠪᠠᠯᠠ ᠮᠥᠩᠭᠦ ᠶᠢ ᠶᠡᠭᠡ ᠪᠠᠷ ᠡᠬᠢᠯᠡᠭᠦᠯᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠪᠠᠯᠠ ᠮᠥᠩᠭᠦ ᠶᠢᠨ ᠬᠡᠷᠡᠭᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠢᠶᠠᠷᠤᠯᠲᠠ ᠶᠢ ᠴᠢᠩᠭᠠᠳᠬᠠᠵᠤ᠂ ᠠᠯᠳᠠᠰᠢ ᠭᠠᠷᠬᠤ ᠶᠢ ᠬᠤᠷᠢᠭᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 2023 ᠣᠨ ᠳᠤ 23.1 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠰᠢᠨ᠎ᠡ ᠪᠠᠷ ᠬᠤᠷᠢᠶᠠᠨ ᠠᠪᠴᠤ᠂ ᠪᠦᠬᠦᠨ ᠢ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠪᠤᠴᠠᠭᠠᠬᠤ ᠳᠤ ᠬᠡᠷᠡᠭᠯᠡᠨ᠎ᠡ᠃    ᠠᠰᠠᠭᠤᠳᠠᠯ ᠤᠨ ᠳᠥᠷᠪᠡ᠄ 2023 ᠣᠨ ᠳᠤ ᠪᠥᠬᠦ ᠲᠠᠯ᠎ᠠ ᠶᠢ ᠬᠠᠮᠤᠷᠤᠭᠰᠠᠨ ᠭᠤᠤᠯᠳᠠᠯᠭ᠎ᠠ ᠲᠠᠢ ᠵᠠᠷᠤᠯᠭ᠎ᠠ ᠶᠢᠨ ᠠᠬᠢᠴᠠ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠰᠢᠭᠤᠳ ᠬᠦᠷᠭᠡᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ 2023 ᠣᠨ ᠳᠤ᠂ ᠳᠡᠭᠡᠳᠦ ᠱᠠᠲᠤᠨ ᠠᠴᠠ ᠮᠠᠨ ᠤ ᠬᠤᠰᠢᠭᠤᠨ ᠳᠤ ᠰᠢᠭᠤᠳ ᠬᠦᠷᠭᠡᠬᠦ ᠪᠠᠯᠠ ᠮᠥᠩᠭᠦ ᠶᠢᠨ ᠬᠡᠪᠴᠢᠶ᠎ᠡ 64178.73 ᠲᠦᠮᠡᠨ ᠲᠥᠭᠦᠷᠢᠭ᠂ 58451.49 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ 91.1% ᠳᠤ ᠬᠦᠷᠴᠡᠶ᠃    ︵ᠬᠤᠶᠠᠷ︶ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠣᠯᠭᠤᠬᠤ ᠬᠡᠷᠡᠭᠲᠡᠶ᠃ ᠪᠡᠯᠡ ᠮᠥᠩᠭᠦ ᠶᠢ ᠢᠳᠡᠪᠬᠢᠲᠡᠶ ᠴᠤᠭᠯᠠᠭᠤᠯᠵᠤ᠂ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠣᠯᠭᠤᠬᠤ ᠶᠢ ᠪᠠᠲᠤᠯᠠᠬᠤ ᠬᠡᠷᠡᠭᠲᠡᠶ᠃ ᠵᠢᠯ ᠤᠨ ᠡᠴᠦᠰ ᠪᠣᠯᠲᠠᠯ᠎ᠠ᠂ ︽ᠠᠷᠠᠳ ᠤᠨ ᠠᠮᠢᠳᠤᠷᠠᠯ ᠤᠨ ᠲᠠᠪᠴᠠᠩ︾ ᠢᠶᠠᠷ ᠳᠠᠮᠵᠢᠭᠤᠯᠤᠨ ᠮᠠᠨ ᠤ ᠬᠤᠰᠢᠭᠤᠨ ᠤ 8 ᠰᠤᠮᠤ ᠰᠢᠶᠠᠩ ᠪᠠᠯᠭᠠᠰᠤᠨ ᠤ ᠰᠠᠭᠤᠭᠠᠯᠢ ᠠᠷᠠᠳ ᠲᠤ 3.84 ᠳ᠋ᠦᠩᠰᠢᠭᠤᠷ ᠲᠥᠭᠦᠷᠢᠭ ᠲᠠᠷᠬᠠᠭᠠᠵᠤ᠂ 9 ᠲᠥᠷᠥᠯ ᠤᠨ 81 ᠵᠦᠢᠯ ᠤᠨ ᠨᠥᠬᠦᠪᠥᠷᠢ ᠳᠤ ᠬᠤᠯᠪᠣᠭᠳᠠᠨ᠂ ᠨᠥᠬᠦᠪᠥᠷᠢ ᠨᠡᠶᠢᠲᠡ 89.69 ᠲᠦᠮᠡᠨ ᠬᠥᠮᠦᠨ ᠤᠳᠠᠭ᠎ᠠ ᠲᠠᠷᠬᠠᠭᠠᠪᠠ᠃    ︵ᠭᠤᠷᠪᠠ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠨ᠎ᠠ᠃ 2023 ᠣᠨ ᠳᠤ᠂ ᠳᠡᠭᠡᠳᠦ ᠱᠠᠲᠤᠨ ᠠᠴᠠ ᠨᠢᠭᠡᠨᠲᠡ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠪᠠᠯᠠ ᠮᠥᠩᠭᠦ ᠶᠢ 11691 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠄ ᠲᠥᠪ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠤᠯᠭᠠᠭᠤᠯᠤᠨ ᠠᠬᠢᠭᠤᠯᠬᠤ ᠪᠡᠯᠡ ᠮᠦᠩᠬᠦ ᠶᠢ ᠨᠢᠭᠡᠨᠲᠡ 7479 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠨᠤᠷᠮ᠎ᠠ 100% ᠳᠤ ᠬᠦᠷᠭᠡᠪᠡ︔ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠡᠯᠡ ᠮᠦᠩᠬᠦ ᠨᠢᠭᠡᠨᠲᠡ 4212 ᠲᠦᠮᠡᠨ ᠲᠥᠭᠦᠷᠢᠭ ᠵᠠᠷᠤᠴᠠᠭᠤᠯᠵᠤ᠂ ᠵᠢᠯ ᠤᠨ ᠡᠴᠦᠰ ᠪᠣᠯᠲᠠᠯ᠎ᠠ᠂ ᠪᠠᠯᠠ ᠮᠥᠩᠭᠦ ᠶᠢ ᠵᠣᠯᠭᠠᠭᠤᠯᠤᠭᠰᠠᠨ ᠶᠡᠷᠦᠩᠬᠡᠶ ᠵᠠᠷᠤᠯᠭ᠎ᠠ 11691 ᠲᠦᠮᠡᠨ ᠲᠥᠭᠦᠷᠢᠭ᠂ ᠵᠠᠷᠤᠯᠭ᠎ᠠ ᠶᠢᠨ ᠨᠣᠷᠮ᠎ᠠ ᠶᠢ 100% ᠳᠤ ᠬᠦᠷᠭᠡᠪᠡ︔ ᠲᠠᠷᠢᠶᠠᠯᠠᠩ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠥᠩᠭᠦ ᠶᠢ 16008 ᠲᠦᠮᠡᠨ ᠲᠥᠭᠦᠷᠢᠭ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠪᠡ᠃    【 ᠭᠦᠳᠤᠯᠦᠭᠴᠢ 】 ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ    【 ᠭᠥᠸᠧ ᠶᠠᠨ ᠫᠢᠩ 】 ᠨᠢᠭᠡ ᠳᠤ᠂ ᠠᠵᠤ ᠠᠬᠤᠶᠢᠯᠠᠯ ᠬᠢᠭᠡᠳ ᠡᠯ᠎ᠡ ᠲᠥᠷᠥᠯ ᠤᠨ ᠵᠠᠬ᠎ᠠ ᠳᠡᠯᠭᠡᠭᠦᠷ ᠲᠤ ᠣᠷᠣᠯᠴᠠᠬᠤ ᠭᠤᠤᠯ ᠴᠣᠭᠴᠠ ᠶᠢᠨ ᠨᠡᠪᠲᠡᠷᠡᠯᠴᠡᠭᠡ᠂ ᠰᠣᠯᠢᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠬᠤᠰᠢᠭᠤᠨ ᠳᠣᠲᠣᠷᠠᠬᠢ ᠪᠠᠯᠠ ᠳᠣᠭᠢᠷᠠᠭᠤᠯᠬᠤ ᠰᠠᠨᠠᠮᠵᠢ ᠲᠠᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠠᠩ ᠭᠦᠨᠵᠡᠭᠡᠶ ᠦᠢᠯᠡᠴᠢᠯᠡᠭᠡ ᠬᠠᠩᠭᠠᠨ᠎ᠠ᠃ 2023 ᠣᠨ ᠳᠤ᠂ ᠪᠥᠬᠦ ᠬᠤᠰᠢᠭᠤᠨ ᠤ 6 ᠪᠠᠩᠬᠢ ᠶᠢᠨ ᠪᠠᠶᠢᠭᠤᠯᠤᠮᠵᠢ ᠨᠢ 52 ᠠᠵᠤ ᠠᠬᠤᠶᠢᠯᠠᠯ ᠳᠤ ᠵᠢᠭᠡᠯᠡᠯᠭᠡ ᠲᠠᠯᠪᠢᠵᠤ᠂ ᠨᠡᠶᠢᠲᠡ 90520.61 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠤᠯᠠᠭᠠᠨᠴᠠᠪ ᠬᠤᠲᠠ ᠶᠢᠨ ᠾᠦᠢ ᠶᠤᠸᠠᠨ ᠳᠠᠭᠠᠭᠠᠯᠲᠠ ᠶᠢᠨ ᠺᠣᠮᠫᠠᠨᠢ ᠮᠠᠨ ᠤ ᠬᠤᠰᠢᠭᠤᠨ ᠤ 6 ᠠᠵᠤ ᠠᠬᠤᠶᠢᠯᠠᠯ ᠳᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠪᠠᠲᠤᠯᠠᠭ᠎ᠠ ᠶᠢᠨ ᠵᠢᠭᠡᠯᠡᠯᠭᠡ ᠨᠡᠶᠢᠲᠡ 10920 ᠲᠦᠮᠡᠨ ᠲᠥᠭᠦᠷᠢᠭ ᠲᠤ ᠬᠦᠷᠪᠡ᠃ ᠬᠤᠶᠠᠷ ᠲᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠴᠢᠩᠭᠠᠳᠬᠠᠵᠤ᠂ ᠵᠠᠰᠠᠭ᠂ ᠪᠠᠩᠬᠢ᠂ ᠠᠵᠤ ᠠᠬᠤᠶᠢᠯᠠᠯ ᠢ ᠬᠤᠯᠪᠣᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ᠂ ᠪᠠᠩᠬᠢ᠂ ᠠᠵᠤ ᠠᠬᠤᠶᠢᠯᠠᠯ ᠢ ᠬᠠᠷᠢᠯᠴᠠᠨ ᠨᠡᠪᠲᠡᠷᠡᠯᠴᠡᠬᠦ ᠰᠠᠶᠢᠨ ᠰᠠᠶᠢᠬᠠᠨ ᠦᠢᠯᠡᠳᠦᠯᠴᠡᠬᠦ ᠲᠣᠭᠲᠠᠴᠠ ᠶᠢ ᠪᠠᠶᠢᠭᠤᠯᠤᠨ᠎ᠠ᠃ ᠮᠠᠨ ᠤ ᠬᠤᠰᠢᠭᠤ ᠤᠷᠢᠳ ᠬᠤᠵᠢᠳ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ᠂ ᠴᠠᠭᠠᠨ ᠢᠳᠡᠭᠡᠨ ᠤ ᠵᠢᠵᠢᠭ ᠪᠠᠯᠭᠠᠰᠤᠨ ᠤ ᠲᠥᠷᠥᠯ ᠵᠦᠢᠯ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠰᠣᠯᠢᠯᠴᠠᠭᠠᠨ ᠤ ᠶᠠᠷᠢᠯᠴᠠᠬᠤ ᠬᠤᠷᠠᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ᠂ ᠪᠥᠬᠦ ᠬᠤᠰᠢᠭᠤᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠡᠷᠭᠡ ᠶᠢ ᠬᠤᠷᠠᠯᠳᠤᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠪᠣᠯᠤᠨ ᠬᠡᠷᠡᠭᠴᠡᠭᠡ ᠶᠢ ᠪᠥᠬᠦ ᠲᠠᠯ᠎ᠠ ᠪᠠᠷ ᠣᠶᠢᠯᠠᠭᠠᠵᠤ᠂ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠤ ᠥᠭᠪᠡ᠃ ᠭᠤᠷᠪᠠ ᠳᠤ᠂ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠦᠨᠡᠲᠦ ᠲᠡᠮᠳᠡᠭᠲᠦ ᠶᠢᠨ ᠪᠠᠶᠢᠭᠤᠯᠤᠮᠵᠢ ᠵᠡᠷᠭᠡ ᠶᠢ ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠳᠤ ᠣᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠥᠬᠦ ᠬᠤᠲᠠ ᠶᠢᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠰᠠᠶᠢᠲᠤᠷ ᠬᠢᠵᠦ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠴᠢᠨᠠᠷ ᠰᠠᠶᠢᠲᠠᠶ ᠠᠵᠤ ᠠᠬᠤᠶᠢᠯᠠᠯ ᠤᠨ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠳᠡᠮᠵᠢᠵᠦ᠂ ᠬᠤᠰᠢᠭᠤᠨ ᠳᠣᠲᠣᠷᠠᠬᠢ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠤᠨ᠎ᠠ᠃    【ᠭᠦᠳᠤᠯᠦᠭᠴᠢ】 ᠬᠤᠰᠢᠭᠤᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠠᠶᠢᠬᠤ ᠪᠣᠢ︖    【 ᠭᠥᠸᠧ ᠶᠠᠨ ᠫᠢᠩ 】 ᠡᠩ ᠲᠡᠷᠢᠭᠦᠨ ᠳᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ︽ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠪᠣᠯᠵᠣᠨ ᠶᠠᠷᠢᠯᠴᠠᠬᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠡᠮᠵᠢᠬᠦ᠂ ᠪᠥᠬᠦ ᠲᠠᠯ᠎ᠠ ᠪᠠᠷ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠤᠰᠢᠭᠤᠨ ᠤ ᠳᠣᠲᠣᠷᠠᠬᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠪᠠ᠃ ᠬᠤᠶᠠᠷ ᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠳᠡᠭᠡᠳᠦ ᠱᠠᠲᠤᠨ ᠤ ᠮᠥᠩᠭᠦᠨ ᠬᠦᠢᠯᠭᠡᠭᠡᠨ ᠤ ᠠᠯᠪᠠᠨ ᠬᠡᠷ ᠤᠨ ᠪᠠᠭᠤᠯᠭᠠᠭᠰᠠᠨ ᠨᠡᠷᠡᠰ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠮᠡᠳᠡᠭᠡᠯᠡᠭᠰᠡᠨ ᠰᠦᠪᠡᠭᠴᠢ ᠶᠢ ᠶᠡᠷᠦᠩᠬᠡᠶᠢᠯᠡᠨ ᠡᠮᠬᠢᠯᠡᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠ ᠥᠷᠢ ᠰᠢᠷᠢ ᠠᠴᠠ ᠵᠠᠶᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠨᠤᠲᠤᠭ ᠤᠨ ᠮᠥᠩᠭᠦᠨ ᠬᠦᠢᠯᠭᠡᠭᠡᠨ  ᠤ ᠡᠮᠬᠢ ᠵᠢᠷᠤᠮ ᠪᠠ ᠮᠥᠩᠭᠦᠨ ᠭᠦᠢᠯᠭᠡᠭᠡᠨ ᠤ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ ᠭᠤᠷᠪᠠ ᠳᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠰᠠᠭᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠵᠢᠯ ᠲᠥᠷᠥᠯ ᠤᠨ ᠵᠠᠰᠠᠯᠲᠠ ᠶᠢᠨ ᠲᠠᠯ᠎ᠠ ᠪᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠠᠯᠠᠨ ᠪᠥᠬᠦ ᠬᠤᠰᠢᠭᠤᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠳᠠᠨᠵᠢᠯᠠᠭ᠎ᠠ ᠶᠢᠨ ᠪᠠᠩᠬᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠪᠠ ︽ᠮᠥᠩᠭᠦᠨ ᠭᠦᠢᠯᠭᠡᠭᠡ︾᠂ ︽ᠡᠳ᠋ ᠬᠥᠷᠥᠩᠭᠡ ᠶᠢᠨ ᠬᠠᠮᠢᠶᠠᠷᠤᠯᠲᠠ︾᠂ ︽ᠪᠠᠯᠠ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ︾ ᠵᠡᠷᠭᠡ ᠥᠰᠥᠭ ᠲᠠᠢ ᠠᠵᠤ ᠠᠬᠤᠶᠢᠯᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠡᠭᠴᠡᠯᠡᠨ ᠵᠠᠰᠠᠬᠤ ᠪᠠᠷ ᠳᠡᠮᠵᠢᠨ᠂ ᠮᠠᠨ ᠤ ᠬᠤᠰᠢᠭᠤᠨ ᠤ 2 ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠨᠢᠭᠡᠨᠲᠡ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢᠶᠠᠷ ᠲᠡᠭᠦᠨ ᠤ ᠨᠡᠷᠡᠶᠢᠳᠦᠯ ᠢ ᠣᠷᠣᠯᠠᠪᠠ︔ 3 ᠳᠠᠨᠵᠢᠯᠠᠭ᠎ᠠ ᠶᠢᠨ ᠪᠠᠩᠬᠢ ᠨᠢᠭᠡᠨᠲᠡ 2 ᠭᠤᠤᠯ ᠴᠣᠭᠴᠠ᠂ 1 ᠨᠡᠷᠡᠶᠢᠳᠦᠯ ᠢᠶᠠᠨ ᠬᠤᠪᠢᠷᠠᠭᠤᠯᠪᠠ︔ ︽ᠮᠥᠩᠭᠦᠨ ᠭᠦᠢᠯᠭᠡᠭᠡ︾᠂ ︽ᠡᠳ᠋ ᠬᠥᠷᠥᠩᠭᠡ ᠶᠢᠨ ᠬᠠᠮᠢᠶᠠᠷᠤᠯᠲᠠ︾᠂ ︽ᠪᠠᠯᠠ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ︾ ᠵᠡᠷᠭᠡ 1 ᠠᠵᠤ ᠠᠬᠤᠶᠢᠯᠠᠯ ᠢ ᠨᠢᠭᠡᠨᠲᠡ ᠬᠦᠴᠦᠨ ᠥᠬᠡᠶ ᠪᠣᠯᠭᠠᠪᠠ᠃    ᠬᠤᠶᠠᠷ ᠲᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ ᠨᠢᠭᠡ ᠳᠤ᠂ ᠲᠤᠰᠬᠠᠶ ᠰᠡᠳᠦᠪᠲᠦ ᠤᠬᠠᠭᠤᠯᠭ᠎ᠠ ᠪᠠ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠲᠠᠢ ᠤᠶᠠᠯᠳᠤᠭᠤᠯᠤᠨ᠂ ᠣᠯᠠᠨ ᠲᠠᠯ᠎ᠠ ᠪᠠᠷ ᠬᠤᠯᠪᠣᠭᠠᠯᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠥᠬᠦ ᠠᠵᠢᠯ ᠲᠥᠷᠥᠯ ᠤᠨ ᠣᠯᠠᠨ ᠳᠠᠪᠬᠤᠷᠭ᠎ᠠ ᠳᠤ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠲᠤᠰᠠ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠵᠤ᠂ ᠬᠤᠰᠢᠭᠤᠨ ᠤ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠡᠯ᠎ᠡ ᠵᠦᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠡᠶᠢᠲᠡ 10 ᠭᠠᠷᠤᠶ ᠲᠠᠯᠠᠪᠤᠷ ᠵᠣᠬᠢᠶᠠᠨ ᠪᠠᠶᠢᠭᠤᠯᠤᠨ ᠵᠣᠬᠢᠴᠠᠭᠤᠯᠵᠤ᠂ 40 ᠭᠠᠷᠤᠶ ᠬᠥᠨᠳᠡᠯᠡᠨ ᠪᠢᠴᠢᠭᠡᠰᠦ ᠡᠯᠭᠦᠵᠦ᠂ 50 ᠵᠤᠷᠪᠤᠰ ᠤᠬᠠᠭᠤᠯᠭ᠎ᠠ ᠶᠢᠨ ᠤᠷᠢᠶ᠎ᠠ ᠨᠠᠭᠠᠵᠤ᠂ 10 ᠬᠡᠰᠡᠭ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠭᠠᠷ ᠤᠭᠤᠲᠠ᠂ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠬᠠᠭᠤᠳᠠᠰᠤ ᠶᠢ 5000 ᠭᠠᠷᠤᠶ ᠬᠤᠪᠢ ᠲᠠᠷᠬᠠᠭᠠᠵᠤ᠂ ᠰᠤᠷᠤᠭᠴᠢᠳ ᠲᠤ 200 ᠭᠠᠷᠤᠶ ᠬᠤᠪᠢ ᠰᠤᠷᠤᠯᠭ᠎ᠠ ᠶᠢᠨ ᠬᠡᠷᠡᠭᠰᠡᠯ ᠬᠦᠷᠭᠡᠵᠦ᠂ ᠣᠯᠠᠨ ᠲᠦᠮᠡᠨ ᠤ ᠬᠦᠷᠢᠶᠡᠯᠡᠯ ᠪᠠ ᠥᠷᠭᠡᠨ ᠳᠡᠯᠭᠡᠷ ᠠᠩᠬᠠᠷᠤᠯ ᠢ ᠲᠠᠲᠠᠵᠤ᠂ ᠰᠠᠶᠢᠨ ᠦᠷ᠎ᠡ ᠪᠦᠲᠦᠮᠵᠢ ᠤᠯᠪᠠ︔ ᠬᠤᠶᠠᠷ ᠲᠤ᠂ ᠬᠤᠰᠢᠭᠤᠨ ᠤ ᠬᠠᠮ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠵᠠᠷ ᠤᠨ ᠫᠠᠶᠢᠰᠠ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠵᠡᠷᠭᠡ ᠲᠠᠪᠴᠠᠩ ᠢᠶᠠᠷ ᠳᠠᠮᠵᠢᠭᠤᠯᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠠᠭᠤᠯᠭ᠎ᠠ ᠶᠢ ᠤᠬᠠᠭᠤᠯᠪᠠ︔ ᠭᠤᠷᠪᠠ ᠳᠤ᠂ ᠡᠳᠦᠷ ᠲᠤᠲᠤᠮ ᠤᠨ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠲᠣᠤᠷ ᠴᠡᠭ ᠵᠡᠷᠭᠡ ᠳᠤ ᠬᠥᠨᠳᠡᠯᠡᠨ ᠪᠢᠴᠢᠭᠡᠰᠦ ᠡᠯᠭᠦᠬᠦ᠂ ᠡᠯᠧᠺᠲᠷᠤᠨ ᠳᠡᠯᠭᠡᠴᠡ ᠪᠠᠷ ᠮᠡᠬᠡᠯᠡᠯ ᠢ ᠰᠡᠷᠭᠡᠶᠢᠯᠡᠬᠦ ᠵᠡᠷᠭᠡ ᠠᠭᠤᠯᠭ᠎ᠠ ᠶᠢ ᠤᠬᠠᠭᠤᠯᠵᠤ᠂ ᠬᠡᠷᠡᠭᠯᠡᠭᠴᠢᠳ ᠲᠤ ᠪᠤᠰᠤ ᠵᠦᠢᠯ ᠢ ᠰᠡᠷᠭᠡᠶᠢᠯᠡᠬᠦ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠵᠡᠷᠭᠡ ᠠᠭᠤᠯᠭ᠎ᠠ ᠶᠢ ᠤᠬᠠᠭᠤᠯᠪᠠ᠃    【 ᠭᠦᠳᠤᠯᠦᠭᠴᠢ 】2023 ᠣᠨ ᠤ ᠡᠳ᠋ ᠤᠨ ᠵᠠᠰᠠᠭ ᠤᠨ ᠠᠵᠢᠯ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖    【 ᠭᠥᠸᠧ ᠶᠠᠨ ᠫᠢᠩ 】 ᠨᠢᠭᠡᠳᠦᠭᠡᠷ ᠬᠢᠯᠠᠰ ᠴᠡᠭ ᠪᠣᠯ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠪᠣᠯᠤᠨ᠎ᠠ      2023 ᠣᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠥᠬᠦ ᠲᠠᠯ᠎ᠠ ᠂ ᠪᠥᠬᠦ ᠶᠠᠪᠤᠴᠠ᠂ ᠪᠦᠬᠦᠨ ᠢ ᠬᠠᠮᠤᠷᠬᠤ︾ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠬᠢᠵᠢᠭᠦᠯᠦᠨ ᠥᠷᠭᠡᠳᠬᠡᠬᠦ ᠪᠠᠷ ᠭᠤᠤᠯ ᠰᠢᠵᠢᠮ ᠪᠣᠯᠭᠠᠵᠤ᠂ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠢᠭᠡ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠠᠯᠢ ᠣᠯᠠᠨ ᠲᠥᠰᠦᠯ ᠤᠨ ᠲᠦᠷᠢᠮ ᠢ ᠨᠡᠶᠢᠲᠡᠯᠡᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠠᠴᠠ ᠬᠡᠷᠡᠭᠵᠢᠭᠦᠯᠬᠦ ᠬᠦᠷᠲᠡᠯᠡᠬᠢ ᠡᠯ᠎ᠡ ᠭᠤᠭᠴᠤᠭ᠎ᠠ ᠶᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠲᠤᠭᠤᠰᠢᠯᠠᠭᠤᠯᠬᠤ ᠶᠢᠨ ᠬᠠᠮᠲᠤ 95 ᠠᠵᠢᠯ ᠲᠥᠷᠥᠯ᠂ 20 ᠬᠦᠷᠢᠶ᠎ᠡ ᠴᠠᠷᠠᠭ᠎ᠠ ᠳᠤ 10555 ᠵᠤᠷᠪᠤᠰ ᠪᠠᠷᠢᠮᠵᠢᠶ᠎ᠠ ᠲᠣᠭᠲᠠᠭᠠᠵᠤ᠂ ᠲᠥᠰᠦᠪ ᠢ ᠨᠢᠭᠡ ᠴᠣᠭᠴᠠᠵᠢᠭᠤᠯᠤᠭᠰᠠᠨ ᠠᠮᠵᠢᠯᠲᠠ ᠪᠦᠲᠦᠮᠵᠢ ᠶᠢᠨ ᠬᠦᠢᠴᠡᠳᠭᠡᠯ ᠲᠤᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃    ᠬᠤᠶᠠᠷ ᠲᠤ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ 2023 ᠣᠨ ᠳᠤ 12 ᠰᠠᠯᠠᠭ᠎ᠠ ᠮᠥᠴᠢᠷ ᠲᠤ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠭᠤᠤᠯᠳᠠᠯᠭ᠎ᠠ ᠲᠠᠢ ᠦᠨᠡᠯᠡᠯᠲᠡ ᠬᠢᠵᠦ᠂ ᠦᠨᠡᠯᠡᠬᠦ ᠲᠥᠷᠥᠯ ᠵᠦᠢᠯ ᠨᠢ 20780.65 ᠲᠦᠮᠡᠨ ᠲᠥᠭᠦᠷᠢᠭ ᠲᠤ ᠬᠤᠯᠪᠣᠭᠳᠠᠪᠠ︔ 2024 ᠣᠨ ᠳᠤ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠷᠠᠯᠲᠠ᠂ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠠᠯᠠᠭ᠎ᠠ ᠮᠥᠴᠢᠷ ᠤᠨ ᠲᠥᠰᠦᠪ ᠲᠠᠢ ᠬᠠᠮᠲᠤ ᠭᠤᠶᠤᠴᠢᠯᠠᠨ ᠮᠡᠳᠡᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠳᠤ ᠬᠤᠯᠪᠣᠭᠳᠠᠬᠤ ᠰᠠᠯᠠᠭ᠎ᠠ ᠮᠥᠴᠢᠷ ᠤᠳ 72 ᠡᠷᠦᠬᠡ᠂ ᠬᠠᠷᠢᠶ᠎ᠠ ᠨᠢᠭᠡᠴᠡ ᠳᠡᠭᠡᠨ 68 ᠡᠷᠦᠬᠡ ᠪᠠᠶᠢᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 153300 ᠲᠦᠮᠡᠨ ᠲᠥᠭᠦᠷᠢᠭ ᠲᠤ ᠬᠢᠨᠠᠨ ᠬᠠᠷᠭᠤᠭᠤᠯᠪᠠ᠃ ᠪᠦᠬᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠰᠢᠭᠤᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠪᠦᠬᠦ ᠬᠤᠲᠠ ᠳᠤ ᠲᠡᠷᠢᠭᠦᠯᠡᠪᠡ᠃    ᠭᠤᠷᠪᠠ ᠳᠤ᠂ ᠠᠮᠵᠢᠯᠲᠠ ᠪᠦᠲᠦᠮᠵᠢ ᠶᠢ ᠦᠨᠡᠯᠡᠵᠦ ᠬᠢᠨᠠᠨ ᠰᠢᠯᠭᠠᠬᠤ ᠬᠡᠷᠡᠭᠯᠡᠯᠲᠡ ᠶᠢ ᠴᠢᠩᠭᠠᠳᠬᠠᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ︾ ᠢ ᠡᠯ᠎ᠡ ᠰᠤᠮᠤ ᠰᠢᠶᠠᠩ ᠪᠠᠯᠭᠠᠰᠤ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ᠬᠤᠶᠠᠳᠠᠬᠢ ᠭᠢᠯᠠᠰ ᠴᠡᠭ ᠪᠣᠯ ᠣᠯᠣᠰ ᠤᠨ ᠲᠣᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠬᠤ ᠶᠠᠪᠤᠳᠠᠯ ᠪᠣᠯᠣᠨ᠎ᠠ     2023 ᠣᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠨᠢᠭᠡ ᠶᠢ ᠰᠦᠪᠡᠭᠴᠢᠯᠡᠵᠦ᠂ ᠨᠢᠭᠡ ᠶᠢ ᠪᠦᠲᠦᠭᠡᠬᠦ︾ ᠵᠠᠷᠴᠢᠮ ᠢ ᠢᠮᠠᠭᠲᠠ ᠪᠠᠷᠢᠮᠲᠠᠯᠠᠵᠤ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠶᠢ ᠣᠨᠣᠪᠴᠢᠲᠠᠶ ᠡᠵᠡᠮᠳᠡᠵᠦ᠂ ᠢᠳᠡᠪᠬᠢᠲᠡᠶ ᠪᠠᠷ ᠳᠡᠭᠡᠷ᠎ᠡ ᠠᠴᠠ ᠵᠣᠯᠭᠠᠭᠤᠯᠵᠤ᠂ ᠢᠯᠠᠩᠭᠤᠶ᠎ᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠤᠨ ᠶᠠᠰᠤ ᠴᠢᠨᠠᠷ ᠪᠠ ᠨᠡᠪᠲᠡᠷᠬᠡᠶ ᠨᠣᠷᠮ᠎ᠠ ᠴᠥᠮ ᠢᠯᠡᠳᠲᠡ ᠳᠡᠭᠡᠭᠰᠢᠯᠡᠪᠡ᠃    ᠨᠢᠭᠡ ᠳᠤ᠂ ᠬᠦᠷᠢᠶᠡᠨ ᠤ ᠲᠣᠭᠤᠷᠢᠨ ᠳᠤ ᠲᠦᠷᠦᠯ ᠵᠦᠢᠯ ᠢ ᠰᠦᠪᠡᠭᠴᠢᠯᠡᠪᠡ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ︽ᠪᠠᠯᠠ ᠮᠥᠩᠭᠦ ᠨᠢ ᠲᠥᠷᠥᠯ ᠵᠦᠢᠯ ᠢᠶᠠᠨ ᠳᠠᠭᠠᠬᠤ︾ ᠶᠢ ᠰᠢᠭᠰᠢᠨ ᠰᠣᠩᠭᠤᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠪᠣᠳᠠᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠠᠳᠠᠯᠢᠬᠠᠨ ᠵᠣᠬᠢᠴᠠᠯᠳᠤᠬᠤ ᠴᠡᠭ ᠢ ᠨᠠᠷᠢᠨ ᠬᠢᠨᠠᠮᠠᠭᠠᠶ ᠡᠷᠢᠯᠬᠢᠯᠡᠵᠦ᠂ ᠰᠢᠨ᠎ᠡ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠪᠡ᠃ 2023 ᠣᠨ ᠳᠤ ᠡᠳ᠋ ᠤᠨ ᠵᠠᠰᠠᠭ ᠤᠨ ᠶᠠᠮᠤᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠥᠮᠥᠷᠭᠡ ᠳᠤ 23 ᠲᠥᠷᠥᠯ ᠵᠦᠢᠯ ᠢ ᠮᠡᠳᠡᠭᠦᠯᠵᠦ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠶᠡᠷᠦᠩᠬᠡᠢ ᠬᠡᠷᠡᠭᠴᠡᠭᠡ 22 ᠳ᠋ᠦᠩᠰᠢᠭᠤᠷ ᠲᠥᠭᠦᠷᠢᠭ ᠲᠤ ᠬᠦᠷᠪᠡ᠃    ᠬᠤᠶᠠᠷ ᠲᠤ ᠪᠣᠯᠪᠠᠰᠤᠷᠠᠩᠭᠤᠶ ᠲᠥᠷᠥᠯ ᠵᠦᠢᠯ ᠢ ᠬᠦᠷᠭᠡᠬᠦ ᠬᠡᠷᠡᠭᠲᠡᠶ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠤᠷᠢᠳᠴᠢᠯᠠᠨ ᠰᠤᠳᠤᠯᠤᠨ ᠮᠠᠭᠠᠳᠯᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠵᠦᠢᠯ ᠳᠠᠷᠠᠭᠠᠯᠠᠨ ᠪᠠᠶᠢᠴᠠᠭᠠᠵᠤ᠂ ᠭᠤᠷᠪᠠᠨ ᠲᠥᠷᠥᠯ ᠬᠤᠪᠢᠶᠠᠨ ᠴᠢᠭᠯᠡᠭᠦᠯᠬᠦ ᠴᠢᠨᠠᠷᠲᠠᠶ ᠪᠠᠷ ᠵᠢᠭᠰᠠᠭᠠᠵᠤ ᠮᠡᠳᠡᠭᠦᠯᠦᠨ ᠬᠦᠷᠭᠡᠬᠦ ᠬᠡᠷᠡᠭᠲᠡᠶ᠃ ᠨᠢᠭᠡᠳᠦᠭᠡᠷ ᠲᠥᠷᠥᠯ ᠨᠢ ᠲᠥᠷᠥᠯ ᠵᠦᠢᠯ ᠤᠨ ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠥᠨᠳᠥᠷ ᠨᠢᠭᠡᠨᠲᠡ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ ᠭᠤᠣᠯᠳᠠᠯᠭ᠎ᠠ ᠲᠠᠢ ᠪᠠᠷ ᠭᠤᠶᠤᠴᠢᠯᠠᠨ ᠮᠡᠳᠡᠭᠦᠯᠦᠨ᠎ᠡ︔ ᠬᠤᠶᠠᠳᠤᠭᠠᠷ ᠲᠥᠷᠥᠯ ᠨᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠨᠡᠯᠢᠶᠡᠳ ᠪᠦᠷᠢᠨ ᠲᠡᠭᠦᠯᠳᠡᠷ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠨᠥᠬᠦᠴᠡᠯ ᠳᠤ ᠬᠦᠷᠦᠭᠰᠡᠨ ᠲᠥᠷᠥᠯ ᠵᠦᠢᠯ ᠢ ᠳᠠᠷᠠᠭ᠎ᠠ ᠪᠦᠯᠦᠭ ᠤᠳᠠᠭ᠎ᠠ ᠳᠤ ᠭᠤᠣᠯᠳᠠᠯᠭ᠎ᠠ ᠲᠠᠢ ᠭᠤᠶᠤᠴᠢᠯᠠᠨ ᠮᠡᠳᠡᠭᠦᠯᠵᠦ ᠪᠣᠯᠤᠨ᠎ᠠ︔ ᠭᠤᠷᠪᠠᠳᠤᠭᠠᠷ ᠲᠥᠷᠥᠯ ᠨᠢ ᠪᠣᠯᠪᠠᠰᠤᠷᠠᠩᠭᠤᠶ ᠬᠡᠮᠵᠢᠶ᠎ᠡ ᠥᠨᠳᠥᠷ ᠪᠤᠰᠤ ᠲᠥᠷᠥᠯ ᠵᠦᠢᠯ ᠢ ᠨᠥᠭᠡᠴᠡᠯᠡᠵᠦ ᠪᠠᠶᠢᠭᠠᠳ ᠭᠤᠶᠤᠴᠢᠯᠠᠨ ᠮᠡᠳᠡᠭᠦᠯᠵᠦ ᠪᠣᠯᠤᠨ᠎ᠠ᠃ 2023 ᠣᠨ ᠳᠤ᠂ ᠪᠥᠬᠦ ᠬᠤᠰᠢᠭᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠥᠷᠥᠯ ᠵᠦᠢᠯ ᠤᠨ ᠨᠥᠭᠡᠴᠡ 23 ᠪᠠᠶᠢᠵᠤ᠂ ᠤᠯᠤᠰ ᠤᠨ ᠬᠤᠶᠠᠷ ᠶᠠᠮᠤᠨ ᠵᠥᠪᠯᠡᠯ ᠤᠨ ᠬᠢᠨᠠᠨ ᠬᠠᠷᠭᠤᠭᠤᠯᠤᠯᠲᠠ ᠪᠠᠷ 19 ᠪᠣᠯᠵᠣ᠂ ᠥᠩᠭᠡᠷᠡᠭᠦᠯᠦᠭᠰᠡᠨ ᠨᠣᠷᠮ᠎ᠠ ᠨᠢ 82.61% ᠳᠤ ᠬᠦᠷᠴᠡᠶ᠃    ᠭᠤᠷᠪᠠ ᠳᠤ᠂ ᠵᠣᠯᠭᠠᠯᠴᠠᠭ᠎ᠠ ᠶᠢ ᠴᠢᠩᠭᠠᠳᠬᠠᠵᠤ ᠲᠦᠷᠦᠯ ᠵᠦᠢᠯ ᠢ ᠠᠳᠬᠤᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠰᠢᠯᠢᠳᠡᠭᠵᠢᠭᠦᠯᠬᠦ ᠶᠢᠨ ᠬᠠᠮᠲᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠵᠣᠯᠭᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠨᠠᠩ ᠣᠯᠠᠨ ᠲᠠᠷᠬᠠᠭᠠᠯᠲᠠ ᠶᠢᠨ ᠲᠤᠭ᠎ᠠ ᠬᠡᠮᠵᠢᠶ᠎ᠡ ᠶᠢ ᠮᠠᠨ ᠤ ᠬᠤᠰᠢᠭᠤᠨ ᠳᠤ ᠨᠤᠲᠤᠭᠰᠢᠭᠤᠯᠬᠤ ᠪᠠᠷ ᠴᠢᠷᠮᠠᠶᠢᠨ᠎ᠠ᠃ 2023 ᠣᠨ ᠳᠤ ᠲᠠᠷᠬᠠᠭᠠᠯᠲᠠ ᠶᠢᠨ ᠲᠥᠷᠥᠯ ᠵᠦᠢᠯ ᠢ ᠨᠡᠶᠢᠲᠡ 4 ᠵᠥᠪᠰᠢᠶᠡᠷᠡᠵᠦ᠂ ᠨᠡᠶᠢᠲᠡ 23800 ᠲᠦᠮᠡᠨ ᠲᠥᠭᠦᠷᠢᠭ ᠲᠠᠷᠬᠠᠭᠠᠪᠠ᠃    【 ᠭᠦᠳᠤᠯᠦᠭᠴᠢ 】2023 ᠣᠨ ᠳᠤ ᠶᠠᠮᠠᠷ ᠶᠠᠮᠠᠷ ᠢᠷᠠᠭᠤ ᠠᠯᠳᠠᠷ ᠢ ᠬᠦᠷᠲᠡᠭᠰᠡᠨ ᠪᠣᠶ︖    【 ᠭᠥᠸᠧ ᠶᠠᠨ ᠫᠢᠩ 】᠄ 2023 ᠤᠨ ᠪᠣᠯ ᠬᠤᠰᠢᠭᠤ ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠤᠨ ᠠᠵᠢᠯ ᠤᠨ ᠶᠡᠷᠦᠩᠬᠡᠶ ᠠᠵᠢᠯ ᠤᠨ ᠰᠢᠯᠭᠠᠨ ᠦᠨᠡᠯᠡᠯᠲᠡ ᠳᠤ ᠰᠢᠯᠢᠳᠡᠭ ᠪᠣᠯᠤᠨ᠎ᠠ᠃    2023 ᠣᠨ ᠳᠤ ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠤᠮᠳᠠ ᠲᠡᠷᠢᠭᠦᠨ ᠤ ᠨᠢᠭᠡᠴᠢ ᠶᠢ ᠭᠥᠷᠳᠡᠪᠡ᠃    【 ᠭᠦᠳᠤᠯᠦᠭᠴᠢ 】2024 ᠣᠨ ᠤ ᠡᠳ᠋ ᠤᠨ ᠵᠠᠰᠠᠭ ᠤᠨ ᠠᠵᠢᠯ ᠤᠨ ᠶᠡᠷᠦᠩᠬᠡᠶ ᠰᠡᠳᠬᠢᠴᠡ    【 ᠭᠥᠸᠧ ᠶᠠᠨ ᠫᠢᠩ 】2024 ᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠᠷ ᠦᠷ᠎ᠡ ᠠᠰᠢᠭ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠰᠢᠰᠲ᠋ᠧᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠵᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃    【 ᠭᠦᠳᠤᠯᠦᠭᠴᠢ 】2024 ᠣᠨ ᠤ ᠡᠳ᠋ ᠤᠨ ᠵᠠᠰᠠᠭ ᠤᠨ ᠠᠵᠢᠯ ᠤᠨ ᠠᠬᠢᠴᠠ ᠶᠢᠨ ᠪᠠᠶᠢᠳᠠᠯ    【 ᠭᠥᠸᠧ ᠶᠠᠨ ᠫᠢᠩ 】᠄ 1 - 4 ᠰᠠᠷ᠎ᠠ ᠳᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 16059 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠲᠤᠭ᠎ᠠ ᠶᠢᠨ 39.79% ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 963 ᠲᠦᠮᠡᠨ ᠲᠥᠭᠦᠷᠢᠭ ᠨᠡᠮᠡᠭᠳᠡᠵᠦ᠂ 6.38 % ᠪᠠᠷ ᠨᠡᠮᠡᠭᠳᠡᠪᠡ᠃ ᠭᠠᠶᠢᠯᠢ ᠲᠠᠲᠠᠪᠤᠷᠢ ᠶᠢᠨ ᠣᠷᠣᠯᠭ᠎ᠠ 6180 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4645 ᠲᠦᠮᠡᠨ ᠲᠥᠭᠦᠷᠢᠭ ᠪᠠᠭᠠᠰᠴᠤ᠂ 42.91% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 9879 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5608 ᠲᠦᠮᠡᠨ ᠲᠥᠭᠦᠷᠢᠭ ᠨᠡᠮᠡᠭᠳᠡᠵᠦ᠂ 131.30% ᠪᠠᠷ ᠨᠡᠮᠡᠭᠳᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 60902 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20594 ᠲᠦᠮᠡᠨ ᠲᠥᠭᠦᠷᠢᠭ ᠪᠠᠭᠠᠰᠴᠤ᠂ 25.3% ᠪᠠᠷ ᠪᠠᠭᠤᠷᠠᠪᠠ᠃    【 ᠭᠦᠳᠤᠯᠦᠭᠴᠢ 】 ᠵᠠ ᠰᠠᠶ᠋ᠢᠬᠠᠨ ᠭᠦᠸᠧ ᠲᠣᠪᠴᠢᠶᠠᠨ ᠳᠠᠷᠤᠭ᠎ᠠ ᠡᠳ᠋ ᠤᠨ ᠵᠠᠰᠠᠭ ᠤᠨ ᠲᠣᠪᠴᠢᠶ᠎ᠠ ᠶᠢᠨ ᠬᠥᠭᠵᠢᠯᠲᠡ ᠶᠢᠨ ᠪᠠᠶᠢᠳᠠᠯ᠂ ᠢᠷᠠᠭᠤ ᠠᠯᠳᠠᠷ ᠭᠥᠷᠳᠡᠭᠰᠡᠨ᠂ ᠠᠵᠢᠯ ᠤᠨ ᠬᠢᠯᠠᠰ ᠴᠡᠭ ᠤᠯᠤᠭᠰᠠᠨ᠂ ᠬᠤᠶᠢᠰᠢᠳᠠ ᠶᠢᠨ ᠭᠤᠤᠯᠳᠠᠯᠭ᠎ᠠ ᠲᠠᠢ ᠠᠵᠢᠯ ᠳᠤ ᠰᠦᠯᠵᠢᠶᠡᠨ ᠤ ᠨᠠᠶᠢᠵᠠ ᠨᠠᠷ ᠲᠠᠢ ᠰᠠᠨᠠᠯ ᠢᠶᠠᠨ ᠰᠣᠯᠢᠯᠴᠠᠪᠠ᠃ ᠭᠦᠸᠧ ᠲᠣᠪᠴᠢᠶᠠᠨ ᠳᠠᠷᠤᠭ᠎ᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠬᠤ ᠳᠤ ᠣᠷᠣᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠭᠦᠨ ᠤ ᠬᠠᠮᠲᠤ ᠪᠠᠰᠠ ᠡᠯ᠎ᠡ ᠰᠦᠯᠵᠢᠶᠡᠨ ᠤ ᠠᠨᠳᠠ ᠶᠢᠨ ᠬᠠᠯᠠᠭᠤᠨ ᠰᠡᠳᠬᠢᠯᠭᠡ ᠪᠠᠷ ᠣᠷᠣᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠲᠡ ᠭᠦᠷᠤᠭᠡᠳ ᠵᠠᠪᠰᠠᠷᠯᠠᠯ᠎ᠠ᠂ ᠳᠠᠷᠠᠭ᠎ᠠ ᠬᠤᠭᠤᠴᠠᠭᠠᠨ ᠤ ᠫᠷᠦ᠋ᠭᠷᠠᠮ ᠳᠤ ᠲᠠᠬᠢᠨᠲᠠ ᠵᠤᠯᠭᠠᠶ᠎ᠡ᠃   【 ᠭᠥᠸᠧ ᠶᠠᠨ ᠫᠢᠩ 】᠄ ᠵᠠᠰᠠᠭ ᠤᠨ ᠤᠷᠳᠤᠨ ᠤ ᠰᠦᠯᠵᠢᠶ᠎ᠡ ᠶᠢᠨ ᠡᠨᠡᠬᠦ ᠲᠡᠪᠴᠡᠩ ᠳᠤ ᠲᠠᠯᠠᠷᠬᠠᠵᠤ ᠪᠠᠶᠢᠨ᠎ᠠ᠂ ᠤᠯᠠᠨ ᠰᠦᠯᠵᠢᠶᠠᠨ ᠠᠨᠲᠠ ᠨᠠᠷ᠂ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠲᠤᠷᠠᠳᠤᠭᠰᠡᠨ ᠳᠤ ᠪᠠᠶᠠᠷᠯᠠᠯ᠎ᠠ᠃                                          ᠤᠷᠴᠢᠭᠤᠯᠤᠭᠴᠢ᠄ ᠰᠤᠷᠤᠨ᠎ᠠ                                        ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号