11 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2024 ᠣᠨ ᠤ 8 ᠳ᠋ᠤᠭᠠᠷ | ᠤᠳᠠᠭᠠᠨ ᠤ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ | ᠤᠳᠤᠷᠢᠳᠤᠯᠭ᠎ᠠ ᠴᠢᠶᠣᠤ ᠰᠢᠶᠣᠣ ᠶᠠᠨ᠂ ᠹᠦ᠋ ᠵᠢᠶᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠷᠠᠯ ᠠᠴᠠ ︽ᠥᠪᠥᠷ ᠮᠣᠩᠭᠤᠯ᠂ ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠤᠨ ᠭᠠᠯᠲᠤ | ᠠᠭᠤᠯᠠ ᠶᠢ ᠮᠠᠭᠳᠡᠨ ᠲᠠᠭᠤᠯᠠᠵᠤ · ᠣᠷᠭᠢᠯᠤᠮ᠎ᠠ ᠰᠡᠳᠬᠢᠯᠭᠡ ᠶᠢ ᠬᠥᠭᠵᠢᠭᠡᠬᠦ - ᠤᠯᠠᠭᠠᠨᠴᠠᠪ ᠤᠨ ︽ᠭᠠᠯᠲᠤ | ᠠᠭᠤᠯᠠ ᠶᠢᠨ ᠦᠳᠡᠰᠢ︾ ᠵᠤᠭᠠᠴᠠᠭᠰᠠᠳ ᠲᠠᠭᠤᠤ ᠬᠦᠭᠵᠢᠮ ᠤᠨ ᠠᠵᠢᠯᠯᠠᠭ᠎ᠠ ᠶᠢᠨ ᠪᠡᠯᠡᠳᠬᠡᠯ ᠠᠵᠢᠯ ᠢ ᠰᠣᠨᠣᠰᠴᠤ᠂ | 11 ᠰᠠᠷ᠎ᠠ ᠶᠢᠨ 16 ᠤ ᠡᠳᠦᠷ ᠤᠨ ᠡᠬᠢᠯᠡᠯᠲᠡ ᠶᠢᠨ ᠶᠣᠰᠣᠯᠠᠯ ᠤᠨ ᠬᠠᠮᠢᠶ᠎ᠠ ᠪᠦᠬᠦᠢ ᠠᠵᠢᠯ ᠵᠢᠴᠢ ᠳᠠᠷᠠᠭᠠᠴᠢ ᠶᠢᠨ | ᠪᠠᠲᠤᠯᠠᠭ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠠᠵᠢᠯᠯᠠᠭ᠎ᠠ ᠪᠣᠯ ᠭᠠᠯᠲᠤ ᠠᠭᠤᠯᠠ ᠶᠢᠨ ᠲᠠᠯ᠎ᠠ | ᠨᠤᠲᠤᠭ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ | ᠴᠢᠬᠤᠯᠠ ᠠᠵᠠ ᠲᠣᠬᠢᠶᠠᠯ ᠮᠥᠨ᠃ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠢᠯᠯᠠᠭ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ | ᠠᠵᠢᠯ ᠢ ᠦᠨᠡᠨᠬᠦ ᠰᠠᠶᠢᠲᠤᠷ ᠠᠳᠬᠤᠵᠤ᠂ ᠪᠣᠳᠠᠲᠠᠶ ᠠᠳᠬᠤᠬᠤ ᠬᠡᠷᠡᠭᠲᠡᠶ᠃ | ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠤᠬᠠᠮᠰᠠᠷ ᠢ ᠪᠤᠢ ᠪᠣᠯᠭᠠᠵᠤ᠂ ᠡᠪᠦᠯ ᠤᠨ | ᠤᠯᠠᠷᠢᠯ ᠤᠨ ᠵᠤᠭᠠᠴᠠᠯ ᠤᠨ ᠬᠥᠮᠦᠰ ᠤᠨ ᠣᠨᠴᠠᠯᠢᠭ ᠢ ᠭᠦᠢᠴᠡᠳ ᠪᠣᠳᠣᠯᠬᠢᠯᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠨ ᠨᠢᠭᠲᠠ | ᠲᠣᠭᠲᠠᠭᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭ᠎ᠠ᠂ ᠭᠠᠯ ᠤᠨᠲᠠᠷᠠᠭᠠᠵᠤ ᠠᠪᠤᠷᠠᠨ | ᠲᠤᠰᠠᠯᠠᠬᠤ᠂ ᠡᠮᠴᠢᠯᠡᠭᠡᠨ ᠤ ᠦᠢᠯᠡᠴᠢᠯᠡᠭᠡ᠂ ᠢᠳᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠴᠠᠬᠢᠯᠭᠠᠨ ᠬᠦᠴᠦᠨ ᠤ ᠬᠠᠩᠭᠠᠯᠭ᠎ᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠬᠤᠭᠤᠯᠠ ᠬᠤᠨᠤᠭ ᠤᠨ | ᠦᠢᠯᠡᠴᠢᠯᠡᠭᠡ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠪᠦᠯ ᠤᠨ ᠤᠯᠠᠷᠢᠯ ᠤᠨ | ᠵᠤᠭᠠᠴᠠᠯ ᠤᠨ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠵᠠᠭᠤᠴᠢᠯᠠᠭᠤᠷ᠂ | ᠵᠤᠭᠠᠴᠠᠯ ᠤᠨ ᠬᠤᠷᠢᠶ᠎ᠠ ᠵᠡᠷᠭᠡ ᠠᠴᠢᠶᠠᠯᠠᠪᠤᠷᠢ ᠶᠢ ᠭᠠᠳᠠᠭᠰᠢ ᠳᠡᠯᠭᠡᠷᠡᠭᠦᠯᠵᠦ᠂ ᠨᠡᠩ ᠤᠯᠠᠨ ᠵᠤᠭᠠᠴᠠᠭᠰᠠᠳ ᠤᠨ | ᠠᠩᠬᠠᠷᠤᠯ ᠢ ᠲᠠᠲᠠᠬᠤ ᠬᠡᠷᠡᠭᠲᠡᠢ᠃ ᠡᠯ᠎ᠡ ᠵᠦᠢᠯ ᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠨᠠᠷᠢᠨ ᠨᠢᠮᠪᠠᠢ | ᠲᠥᠰᠦᠪᠯᠡᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠦᠷ᠎ᠡ | ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠪᠦᠬᠦ ᠠᠷᠠᠳ ᠢᠶᠠᠷ ᠢᠶᠠᠨ ᠣᠷᠣᠯᠴᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠡᠪᠦᠯ ᠤᠨ ᠤᠯᠠᠷᠢᠯ ᠤᠨ ᠵᠤᠭᠠᠴᠠᠯ ᠢ | ᠦᠨᠡᠨᠬᠦ ︽ᠬᠥᠭᠵᠢᠶᠡᠨᠲᠡᠢ ᠪᠣᠯᠭᠠᠬᠤ︾ ᠬᠡᠷᠡᠭᠲᠡᠢ᠃ | | | | | ᠵᠣᠬᠢᠶᠠᠭᠴᠢ᠄ ᠯᠦ ᠰᠢᠶᠤᠤ ᠲᠢᠩ᠂ ᠪᠤᠯᠠᠭ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |