ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠺᠣᠮᠫᠠᠨᠢ ︽ᠬᠤᠤᠰ ᠠᠷᠪᠠᠨ ᠨᠢᠭᠡᠨ︾ ︽ᠳ᠋ᠦᠩ ᠹᠧᠩ︾ ᠢ ᠠᠰᠢᠭᠯᠠᠨ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/12
   ︽ᠪᠢᠴᠢᠬᠠᠨ ᠨᠠᠶᠢᠵᠠ ᠨᠠᠷ ᠤᠨ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︾᠂ ︽5 ᠳ᠋ᠤᠭᠠᠷ ᠨᠣᠮᠧᠷᠲᠤ ᠴᠥᠷᠬᠡᠯᠡᠭᠡ ᠪᠣᠯ ᠡᠷᠳᠡᠨᠢ ᠰᠢᠰᠢ︾ ︽ᠦᠨ᠎ᠡ ᠬᠠᠩᠰᠢ ᠶᠢ ᠨᠢᠭᠡᠨᠲᠡ ᠲᠣᠬᠢᠷᠠᠭᠤᠯᠤᠭᠰᠠᠨ ᠤ ᠳᠠᠷᠠᠭ᠎ᠠ ᠰᠡᠭᠦᠳᠡᠷᠯᠡᠵᠦ ᠪᠣᠯᠤᠨ᠎ᠠ︾᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠶᠦᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠬᠤ ᠳᠤ᠂ ᠮᠠᠰᠢ ᠶᠠᠭᠠᠷᠠᠯᠲᠠᠢ ᠪᠥᠭᠡᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠯ ᠬᠠᠷᠠᠭᠳᠠᠨ᠎ᠠ᠃ ᠰᠢᠭᠤᠳ ᠨᠡᠪᠲᠡᠷᠡᠭᠦᠯᠭᠡ ᠶᠢᠨ ᠲᠠᠰᠤᠭ ᠤᠨ ᠬᠥᠮᠦᠨ ᠤ ᠬᠦᠴᠦ ᠲᠡᠯᠪᠡᠷᠡᠬᠦ ᠬᠦᠯᠡᠮᠵᠢ᠂ ᠨᠡᠪᠲᠡᠷᠡᠭᠦᠯᠭᠡ ᠨᠢ ᠶᠠᠭ ᠶᠠᠭᠠᠷᠠᠯᠲᠠᠶ ᠪᠠᠶᠢᠵᠤ᠂ ︽ᠬᠤᠤᠰ ᠠᠷᠪᠠᠨ ᠨᠢᠭᠡᠨ︾ ᠤ ᠬᠤᠳᠠᠯᠳᠤᠭᠠᠨ ᠤ ᠨᠠᠷᠭᠢᠶᠠᠨᠲᠤ ︽ᠳ᠋ᠦᠩ ᠹᠧᠩ︾ ᠢ ᠠᠰᠢᠭᠯᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠶᠦᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠨᠡᠪᠲᠡᠷᠡᠭᠦᠯᠦᠭᠴᠢ ᠱᠠᠨ ᠱᠠᠨ ᠣᠯᠠᠨ ᠢ ᠳᠠᠭᠠᠭᠤᠯᠤᠨ ᠭᠠᠯᠲᠤ ᠠᠭᠤᠯᠠ ᠶᠢᠨ ᠲᠠᠯ᠎ᠠ ᠨᠤᠲᠤᠭ ᠢᠶᠠᠷ ᠲᠣᠭᠤᠷᠢᠨ ᠦᠵᠡᠵᠦ᠂ ᠣᠷᠣᠨ ᠨᠤᠲᠤᠭ ᠤᠨ ᠠᠮᠲᠠᠲᠤ ᠢᠳᠡᠭᠡᠨ ᠢ ᠠᠮᠲᠠᠯᠠᠪᠠ᠃
  ᠠᠩᠬᠢᠯᠤᠮ᠎ᠠ ᠦᠨᠦᠷ ᠠᠮᠲᠠ ᠲᠠᠢ ᠰᠢᠨ᠎ᠡ ᠰᠤᠷᠭᠤᠭ ᠮᠢᠬ᠎ᠠ᠂ ᠵᠥᠭᠡᠯᠡᠨ ᠰᠢᠯᠦᠬᠡᠢ ᠡᠷᠳᠡᠨᠢ ᠰᠢᠰᠢ᠂ ᠠᠩᠭᠢᠯᠤᠮ᠎ᠠ ᠦᠨᠤᠷ ᠠᠮᠳᠠ ᠨᠢ ᠬᠦᠮᠤᠰ ᠤᠨ ᠠᠩᠬᠠᠷᠤᠯ ᠢ ᠳᠠᠲᠠᠵᠤ᠂  ᠵᠥᠭᠡᠯᠡᠨ ᠰᠢᠯᠦᠬᠡᠢ ᠪᠧᠢ ᠪᠸᠢ ᠯᠠᠩᠭᠤᠸᠠ᠂ ᠠᠩᠭᠢᠯᠤᠮ᠎ᠠ ᠦᠨᠦᠷ ᠬᠠᠩᠬᠤᠯᠤᠭᠰᠠᠨ ᠥᠪᠡᠷᠮᠢᠴᠡ ᠪᠢᠰᠢᠯᠠᠭ᠂ ᠪᠤᠴᠠᠯᠭᠠᠵᠤ ᠴᠢᠨᠠᠭᠰᠠᠨ ᠴᠤ ᠴᠥᠮ ᠰᠠᠶᠢᠬᠠᠨ ᠦᠨᠦᠷ ᠬᠠᠩᠬᠤᠯᠳᠠᠭ ᠬᠤᠶᠢᠲᠤ ᠬᠤᠰᠢᠭᠤᠨ ᠤ ᠤᠯᠠᠭᠠᠨ ᠲᠥᠮᠥᠰᠥ ᠵᠡᠷᠭᠡ ᠪᠠᠶᠢᠵᠤ᠂ ᠵᠢᠩᠬᠢᠨᠢ ᠨᠤᠲᠤᠭ ᠤᠨ ᠣᠨᠴᠠ ᠭᠠᠷᠤᠯᠲᠠ ᠨᠢ ᠪᠦᠬᠦ᠋ᠢᠯᠡ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠦᠭᠦᠷᠴᠦ᠂ ᠵᠦᠢᠯ ᠪᠦᠷᠢ ᠶᠢᠨ ᠠᠮᠲᠠ ᠨᠢ ᠴᠥᠮ ᠰᠠᠶᠢᠬᠠᠨ ᠪᠠᠶᠢᠳᠠᠭ᠃ ᠭᠤᠣᠯ ᠨᠡᠪᠲᠡᠷᠡᠭᠦᠯᠦᠭᠴᠢ ᠨᠢᠭᠡ ᠲᠠᠯ᠎ᠠ ᠪᠠᠷ ᠰᠦᠯᠵᠢᠶᠡᠨ ᠤ ᠨᠠᠶᠢᠵᠠ ᠶᠢᠨ ᠠᠰᠠᠭᠤᠯᠲᠠ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠨᠢᠭᠡ ᠲᠠᠯ᠎ᠠ ᠪᠠᠷ ᠲᠤᠬᠠᠢ ᠶᠢᠨ ᠲᠠᠯᠠᠪᠠᠢ ᠳᠤ ᠳᠤᠷᠰᠢᠨ ᠢᠳᠡᠵᠦ᠂ ᠬᠤᠨᠢᠨ ᠮᠢᠬᠠᠨ ᠤ ᠬᠠᠯᠠᠭᠤᠨ ᠲᠣᠭᠤᠭ᠎ᠠ᠂ ᠳᠡᠯᠭᠡᠴᠡ ᠳᠡᠭᠡᠷ᠎ᠡ ᠪᠦᠷ ︽ᠦᠨᠡᠨ ᠰᠠᠶᠢᠬᠠᠨ᠂ ᠭᠤᠶᠣ︾   ᠭᠡᠵᠤ ᠪᠠᠶᠢᠨ᠎ᠠ᠃ ᠨᠠᠩ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠬᠥᠳᠡᠭᠡ ᠲᠣᠰᠬᠤᠨ ᠠᠴᠠ ᠭᠠᠷᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠲᠣᠰ ᠤᠳᠠᠭᠠᠨ ᠤ ᠠᠵᠢᠯᠯᠠᠭ᠎ᠠ ᠳᠤ ᠣᠨᠴᠠᠭᠠᠶᠢᠯᠠᠨ ᠠᠰᠠᠷᠠᠮᠵᠢ ᠶᠢᠨ ᠮᠥᠩᠭᠦ ᠭᠠᠷᠭᠠᠵᠤ᠂ ᠦᠨ᠎ᠡ ᠬᠠᠩᠰᠢ ᠶᠢᠨ ᠲᠠᠯ᠎ᠠ ᠪᠠᠷ ᠡᠳᠦᠢ ᠲᠡᠳᠦᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠭᠡᠭᠡᠪᠦᠷᠢ ᠶᠢᠨ ᠵᠠᠷᠤᠳᠠᠯ ᠤᠨ ᠳᠠᠭᠠᠳᠬᠠᠯ᠂ ᠬᠦᠢᠲᠡᠨ ᠬᠡᠯᠬᠢᠶᠡᠲᠦ ᠲᠡᠭᠡᠭᠡᠪᠦᠷᠢ ᠵᠡᠷᠭᠡ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷᠡᠭᠯᠡᠭᠴᠢᠳ ᠤᠨ ᠰᠠᠨᠠᠭᠠᠰᠢᠷᠠᠯ ᠦᠭᠡᠢ ᠪᠠᠶᠢᠬᠤ ᠶᠢ ᠦᠨᠡᠨ ᠬᠦ ᠪᠠᠲᠤᠯᠠᠪᠠ᠃
   ︽ᠡᠨᠡ ᠵᠢᠯ ᠤᠨ ᠬᠤᠣᠰ ᠠᠷᠪᠠᠨ ᠨᠢᠭᠡᠨ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠭᠠᠯᠲᠤ ᠠᠭᠤᠯᠠ ᠶᠢᠨ ᠡᠭᠦᠯᠡᠨ ᠡᠯᠧᠺᠲᠷᠣᠨ ᠬᠤᠳᠠᠯᠳᠤᠭᠠᠨ ᠤ ᠺᠣᠮᠫᠠᠨᠢ ︿ᠨᠤᠲᠤᠭ ᠤᠨ ᠦᠨᠦᠷ ᠠᠮᠲᠠ ᠨᠢ ᠣᠨᠴᠠᠭᠠᠶ᠂ ᠢᠳᠡᠭᠡᠨ ᠤ ᠦᠪᠡᠳᠡᠭᠰᠢ ᠳᠠᠶᠢᠯᠠᠯᠭ᠎ᠠ﹀ ᠶᠢᠨ ᠲᠣᠭᠤᠷᠢᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠤᠯ ᠠᠮᠲᠠ ᠨᠢ ᠡᠯᠪᠡᠭ ᠪᠠᠶᠠᠯᠢᠭ ᠣᠨᠴᠠ ᠭᠠᠷᠤᠯᠲᠠ ᠪᠠᠨ ᠳᠡᠯᠭᠡᠨ ᠦᠵᠡᠭᠦᠯᠵᠦ᠂ ᠴᠢᠨᠠᠭᠰᠠᠨ ᠮᠢᠬ᠎ᠠ ᠪᠠ ᠨᠢᠳᠦ ᠭᠢᠯᠠᠰᠤᠮ᠎ᠠ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠦᠵᠡᠭᠦᠯᠵᠦ᠂ ᠰᠢᠭᠤᠳ ᠨᠡᠪᠲᠡᠷᠡᠭᠦᠯᠭᠡ ᠶᠢᠨ ᠲᠠᠰᠤᠭ ᠤᠨ ᠹᠧᠨᠲ᠋ᠢᠶᠣᠤᠷ ᠤᠨ ᠢᠳᠡᠪᠬᠢᠲᠡᠢ ᠦᠢᠯᠡᠳᠦᠯᠴᠡᠯ ᠪᠠ ᠰᠠᠶᠢᠨ ᠦᠨᠡᠯᠡᠯᠲᠡ ᠶᠢ ᠣᠯᠵᠠᠶ᠂ ᠬᠤᠶᠢᠰᠢᠳᠠ ᠪᠢᠳᠡ ᠦᠷᠭᠦᠯᠵᠢᠯᠡᠨ ᠲᠠᠷᠢᠶᠠᠯᠠᠩ ᠢ ᠳᠡᠮᠵᠢᠵᠦ ᠲᠠᠷᠢᠶᠠᠯᠠᠩ ᠢ ᠬᠥᠭᠵᠢᠭᠦᠯᠬᠦ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠥᠪᠡᠷᠮᠢᠴᠡ ᠲᠠᠯ᠎ᠠ ᠨᠤᠲᠤᠭ ᠤᠨ ᠭᠠᠯᠲᠤ ᠠᠭᠤᠯᠠ ᠶᠢᠨ ᠰᠣᠶᠣᠯ ᠢ ᠨᠠᠩ ᠣᠯᠠᠨ ᠬᠥᠮᠦᠨ ᠳᠤ ᠳᠡᠯᠭᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠬᠤ᠋ ᠰᠢᠶᠤᠤ ᠳ᠋ᠦᠩ ᠬᠡᠯᠡᠪᠡ᠃                                              ᠵᠣᠬᠢᠶᠠᠭᠴᠢ᠄ ᠰᠦᠨ ᠯᠢ ᠨᠠ                                              ᠴᠢᠮᠡᠬᠡᠯᠡᠭᠴᠢ᠄ ᠯᠢ ᠷᠦᠩ ᠰᠢᠨ                                             ᠤᠷᠴᠢᠭᠤᠯᠤᠭᠴᠢ᠄ ᠡᠷᠳᠡᠨᠢᠴᠢᠮᠡᠭ                                             ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号