ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 19 ᠤ ᠴᠠᠭᠢᠯᠭᠠᠨ ᠮᠡᠳᠡᠭᠡ ︽ᠳᠤᠮᠳᠠᠳᠤ ᠤᠯᠤᠰ · ᠳᠠᠩ - | ᠨᠢᠭᠡᠨ ᠣᠯᠠᠨ ᠡᠰᠢᠲᠦ ᠨᠡᠭᠡᠭᠡᠯᠲᠡᠲᠤ ᠲᠥᠷᠥ ᠭᠦᠷᠦᠨ ︵7 - 10 ᠳ᠋ᠤᠭᠠᠷ ᠵᠠᠭᠤᠨ︶︾ 11 ᠰᠠᠷ᠎ᠠ ᠶᠢᠨ 18 ᠤ ᠡᠳᠦᠷ | ᠹᠷᠠᠨᠼᠢ ᠶᠢᠨ ᠵᠢᠮᠸᠢ ᠤᠯᠤᠰ ᠠᠴᠠ ᠪᠠᠶᠢᠭᠤᠯᠤᠭᠰᠠᠨ ᠠᠽᠢᠶ᠎ᠠ ᠲᠢᠪ ᠤᠨ ᠤᠷᠠᠯᠢᠭ ᠤᠨ ᠮᠦᠽᠧᠢ ᠳᠤ ᠡᠬᠢᠯᠡᠪᠡ᠃ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠣᠰ ᠲᠣᠰ | ᠦᠵᠡᠰᠭᠦᠯᠡᠩ ᠳᠤ ᠣᠷᠣᠰᠢᠯ ᠪᠢᠴᠢᠵᠦ ᠥᠭᠴᠡᠢ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ᠎ᠠ᠃ | 5 ᠰᠠᠷ᠎ᠠ ᠳᠤ ᠪᠢ ᠹᠷᠠᠨᠼᠢ ᠳᠤ ᠠᠶᠢᠯᠴᠢᠯᠠᠯᠲᠠ ᠬᠢᠬᠦ ᠬᠤᠭᠤᠴᠠᠭᠠᠨ ᠳᠤ ᠳᠤᠮᠳᠠᠳᠤ ᠹᠷᠠᠨᠼᠢ ᠬᠤᠶᠠᠷ ᠲᠠᠯ᠎ᠠ ᠪᠠᠷ ᠢᠶᠠᠨ | ᠹᠷᠠᠨᠼᠢ ᠶᠢᠨ ᠵᠢᠮᠸᠢ ᠤᠯᠤᠰ ᠠᠴᠠ ᠪᠠᠶᠢᠭᠤᠯᠤᠭᠰᠠᠨ ᠠᠽᠢᠶ᠎ᠠ ᠲᠢᠪ ᠤᠨ ᠤᠷᠠᠯᠢᠭ ᠤᠨ ᠮᠦᠽᠧᠢ ᠳᠤ ᠲᠠᠩ ᠤᠯᠤᠰ ᠤᠨ | ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ ᠢ ᠡᠷᠭᠢᠯᠡᠭᠦ ᠵᠥᠪᠯᠡᠯᠴᠡᠭᠡᠷ ᠲᠣᠬᠢᠷᠠᠯᠴᠠᠪᠠ᠃ ᠬᠤᠶᠠᠷ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠴᠢᠷᠮᠠᠶᠢᠯᠭ᠎ᠠ ᠪᠠᠷ ︽ | ᠳᠤᠮᠳᠠᠳᠤ ᠤᠯᠤᠰ · ᠳᠠᠩ - ᠨᠢᠭᠡᠨ ᠣᠯᠠᠨ ᠡᠰᠢᠲᠦ ᠨᠡᠭᠡᠭᠡᠯᠲᠡᠲᠤ ᠲᠥᠷᠥ ᠭᠦᠷᠦᠨ ︵7 - 10 ᠳ᠋ᠤᠭᠠᠷ ᠵᠠᠭᠤᠨ︶︾ | ᠦᠵᠡᠰᠭᠦᠯᠡᠩ ᠲᠣᠭᠲᠠᠭᠰᠠᠨ ᠬᠤᠭᠤᠴᠠᠭᠠᠨ ᠳᠠᠭᠠᠨ ᠡᠬᠢᠯᠡᠭᠰᠡᠨ ᠢ ᠪᠢ ᠪᠠᠶᠠᠷ ᠲᠠᠢ ᠣᠯᠵᠤ ᠬᠠᠷᠠᠯ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠠᠩ ᠤᠯᠤᠰ ᠪᠣᠯ ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠬᠥᠭᠵᠢᠨ ᠮᠠᠨᠳᠤᠭᠰᠠᠨ | ᠨᠢᠭᠡᠨ ᠲᠦᠷᠦ ᠭᠦᠷᠦᠨ ᠪᠣᠯᠣᠨ᠎ᠠ᠃ ᠠᠵᠤ ᠠᠬᠤᠢ ᠬᠥᠭᠵᠢᠵᠦ᠂ ᠰᠣᠶᠣᠯ ᠴᠡᠴᠡᠭᠯᠡᠨ᠂ ᠦᠵᠡᠯ ᠰᠠᠨᠠᠭ᠎ᠠ ᠠᠭᠤᠳᠠᠮᠴᠢ | ᠪᠠᠭᠲᠠᠭᠠᠮᠵᠢᠲᠠᠢ᠂ ᠤᠳᠬ᠎ᠠ ᠤᠷᠠᠯᠢᠭ ᠥᠷᠨᠢᠭᠦᠨ ᠪᠠᠳᠠᠷᠠᠵᠤ᠂ ᠦᠨᠳᠦᠰᠦᠲᠡᠨ ᠨᠦᠭᠦᠳ ᠠᠭᠤᠰᠤᠯᠴᠠᠭᠰᠠᠨ ᠪᠠᠶᠢᠳᠠᠭ᠃ | ᠲᠠᠩ ᠤᠯᠤᠰ ᠤᠨ ᠰᠣᠶᠣᠯ ᠠᠽᠢᠶ᠎ᠠ ᠲᠢᠪ ᠢ ᠨᠥᠯᠥᠭᠡᠯᠡᠭᠰᠡᠨ ᠪᠥᠭᠡᠳ ᠲᠣᠷᠭᠠᠨ ᠵᠠᠮ ᠢᠶᠠᠷ ᠲᠡᠮᠵᠢᠨ ᠡᠸᠦ᠋ᠷᠦᠫᠡ ᠲᠢᠪ ᠲᠤ | ᠳᠡᠯᠭᠡᠷᠡᠵᠡᠢ᠃ ᠲᠠᠩ ᠤᠯᠤᠰ ᠤᠨ ᠰᠢᠯᠦᠭ᠂ ᠵᠢᠷᠤᠭ᠂ ᠠᠯᠲᠠ ᠮᠥᠩᠭᠦᠨ ᠡᠳ᠋ᠯᠡᠯ ᠵᠡᠷᠭᠡ ᠤᠷᠠᠯᠢᠭ ᠤᠨ ᠦᠷ᠎ᠡ ᠪᠦᠲᠦᠭᠡᠯ ᠨᠢ | ᠡᠳᠦᠭᠡ ᠪᠤᠯᠲᠠᠯ᠎ᠠ ᠬᠥᠮᠥᠰ ᠲᠤ ᠱᠠᠭᠰᠢᠭᠳᠠᠨ ᠮᠠᠭᠲᠠᠭᠳᠠᠭᠰᠠᠭᠠᠷ ᠪᠠᠶᠢᠨ᠎ᠠ᠃ ᠲᠤᠰ ᠤᠳᠠᠭ᠎ᠠ ᠶᠢᠨ ᠦᠵᠡᠰᠭᠦᠯᠡᠩ ᠨᠢ | ᠹᠷᠠᠨᠼᠢ ᠪᠣᠯᠣᠨ ᠡᠸᠦ᠋ᠷᠦᠫᠡ ᠲᠢᠪ ᠤᠨ ᠦᠵᠡᠭᠴᠢᠳ ᠲᠤ ᠭᠡᠷᠡᠯ ᠰᠠᠴᠤᠷᠠᠩᠭᠤᠢ᠂ ᠢᠲᠡᠭᠡᠯ ᠲᠡᠭᠦᠯᠳᠡᠷ ᠨᠡᠭᠡᠭᠡᠯᠲᠡᠲᠡᠢ | ᠪᠠᠳᠠᠷᠠᠯᠲᠤ ᠭᠦᠷᠦᠨ ᠲᠠᠩ ᠤᠯᠤᠰ ᠤᠨ ᠪᠠᠶᠢᠳᠠᠯ ᠢ ᠨᠡᠩ ᠳᠦᠷᠰᠦᠯᠢᠭ ᠢᠶᠠᠷ ᠣᠶᠢᠯᠠᠭᠠᠭᠤᠯᠵᠤ᠂ ᠳᠤᠮᠳᠠᠳᠤ ᠶᠢᠨ | ᠪᠣᠯᠪᠠᠰᠤᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯᠣᠨ ᠹᠷᠠᠨᠼᠢ ᠦᠨᠳᠦᠰᠦᠲᠡᠨ ᠴᠥᠮ ᠥᠨᠢ ᠤᠳᠠᠭᠠᠨ ᠲᠡᠦᠬᠡ ᠪᠠ | ᠭᠡᠷᠡᠯ ᠰᠠᠴᠤᠷᠠᠩᠭᠤᠢ ᠰᠣᠶᠣᠯ ᠲᠠᠢ ᠶᠤᠮ᠃ ᠬᠤᠶᠠᠷ ᠤᠯᠤᠰ ᠤᠨ ᠠᠷᠠᠳ ᠲᠦᠮᠡᠨ ᠶᠡᠷᠦ ᠠᠴᠠ ᠬᠠᠷᠢᠯᠴᠠᠨ ᠪᠠᠭ᠋ᠠᠷᠬᠠᠵᠤ᠂ | ᠬᠠᠷᠢᠯᠴᠠᠨ ᠲᠠᠲᠠᠯᠳᠤᠵᠤ᠂ ᠥᠨᠢ ᠤᠳᠠᠭᠠᠨ ᠨᠥᠭᠦᠷᠰᠡᠭ ᠶᠠᠪᠤᠯᠴᠠᠭ᠎ᠠ ᠲᠠᠢ ᠶᠤᠮ᠃ ᠪᠢᠳᠡ ᠲᠡᠦᠬᠡ ᠰᠣᠶᠣᠯ ᠤᠨ | ᠳᠤᠮᠳᠠ ᠠᠴᠠ ᠰᠡᠩᠬᠡᠷᠡᠭᠦᠯᠦᠯ ᠣᠯᠵᠤ᠂ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠪᠠ ᠬᠠᠷᠢᠯᠴᠠᠨ ᠲᠣᠯᠢ | ᠪᠤᠯᠭᠠᠬᠤ ᠪᠣᠯᠣᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ | ᠲᠤᠰ ᠤᠨ ᠢᠶᠠᠨ ᠭᠤᠸ᠎ᠠ ᠰᠠᠶᠢᠬᠠᠨ ᠢ ᠪᠠᠭ᠋ᠠᠷᠬᠠᠵᠤ᠂ ᠭᠤᠸ᠎ᠠ ᠰᠠᠶᠢᠬᠠᠨ ᠢ ᠬᠠᠮᠲᠤ ᠪᠠᠷ ᠡᠳ᠋ᠯᠡᠵᠦ᠂ ᠲᠡᠦᠬᠡ ᠶᠢᠨ ᠬᠠᠶᠢᠷ᠎ᠠ | ᠰᠡᠳᠬᠢᠯᠭᠡ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠳᠤᠮᠳᠠᠳᠤ ᠹᠷᠠᠨᠼᠢ ᠶᠢᠨ ᠨᠥᠬᠦᠷᠯᠡᠯ ᠳᠤ ᠠᠭᠤᠰᠬᠠᠵᠤ᠂ | ᠳᠤᠮᠳᠠᠳᠤ ᠹᠷᠠᠨᠼᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠡᠩ ᠪᠠᠲᠤ ᠪᠠᠬᠢ | ᠪᠥᠭᠡᠳ ᠠᠮᠢᠵᠢᠷᠠᠯ ᠤᠨ ᠬᠦᠴᠦᠨ ᠲᠠᠢ ᠪᠣᠯᠭᠠᠶ᠎ᠠ ᠭᠡᠵᠦ ᠵᠢᠭᠠᠵᠤ ᠭᠠᠷᠭᠠᠵᠠᠢ᠃ | ᠶᠡᠷᠦᠩᠬᠡᠶᠢᠯᠡᠭᠴᠢ ᠮᠠᠶᠢᠺᠷᠤᠨ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ | ᠰᠣᠶᠣᠯ ᠵᠢᠭᠤᠯᠴᠢᠯᠠᠯ ᠤᠨ ᠣᠨ ᠢ ᠪᠡᠯᠭᠡᠯᠡᠬᠦ ᠶᠢᠨ ᠲᠥᠯᠥᠭᠡ ᠵᠢᠮᠸᠢ ᠮᠦᠽᠧᠢ ᠲᠠᠩ ᠤᠯᠤᠰ ᠤᠨ ᠦᠶ᠎ᠡ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠦᠵᠡᠰᠭᠦᠯᠡᠩ ᠢ ᠦᠪᠡᠳᠡᠭᠰᠢ ᠶᠡᠭᠡ ᠪᠠᠷ ᠡᠷᠭᠢᠯᠡᠭᠦ ᠪᠠᠷ ᠪᠠᠶᠢᠨ᠎ᠠ᠃ ᠲᠠᠩ ᠤᠯᠤᠰ ᠤᠨ | ᠦᠶ᠎ᠡ ᠳᠤ ᠳᠤᠮᠳᠠᠳᠤ ᠤᠯᠤᠰ ᠤᠨ ᠪᠣᠯᠪᠠᠰᠤᠨ ᠤ ᠲᠡᠦᠬᠡᠨ ᠳᠡᠭᠡᠷᠡᠬᠢ ᠪᠠᠶᠢᠷᠢ ᠰᠠᠭᠤᠷᠢ ᠨᠢ ᠲᠦᠢᠯ ᠤᠨ ᠣᠨᠴᠠᠭᠠᠶ ᠪᠠᠶᠢᠵᠤ᠂ | ᠭᠡᠷᠡᠯ ᠰᠠᠴᠤᠷᠠᠩᠭᠤᠢ ᠰᠣᠶᠣᠯ ᠪᠠ ᠢᠲᠡᠭᠡᠵᠦ ᠶᠠᠳᠠᠮ᠎ᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠲᠠᠢ ᠪᠠᠶᠢᠭᠰᠠᠨ | ᠪᠥᠭᠡᠳ ᠲᠣᠷᠭᠠᠨ ᠵᠠᠮ ᠢᠶᠠᠷ ᠳᠠᠮᠵᠢᠨ ᠭᠠᠳᠠᠭᠠᠳᠤ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠭᠤᠶᠢᠳᠠ ᠰᠠᠶᠢᠬᠠᠨ | ᠤᠷᠠᠯᠢᠭ ᠤᠨ ᠥᠪ ᠬᠥᠷᠥᠩᠭᠡ ᠶᠢ ᠡᠭᠦᠳᠦᠨ ᠪᠦᠲᠦᠭᠡᠭᠰᠡᠨ ᠶᠤᠮ᠃ ᠡᠨᠡ ᠬᠦ ᠲᠡᠦᠬᠡᠲᠦ ᠠᠴᠢ ᠬᠤᠯᠪᠣᠭᠳᠠᠯ ᠲᠠᠢ | ᠦᠵᠡᠰᠭᠦᠯᠡᠩ ᠨᠢ ᠹᠷᠠᠨᠼᠢ ᠳᠤᠮᠳᠠᠳᠤ ᠶᠢᠨ ᠰᠣᠶᠣᠯ ᠤᠨ ᠰᠣᠯᠢᠯᠴᠠᠭ᠎ᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠤᠶᠠᠷ | ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠦᠨ᠎ᠡ ᠭᠡᠳᠡᠭ ᠢ ᠳᠠᠬᠢᠨᠲᠠ | ᠲᠣᠳᠣᠷᠬᠠᠢ ᠬᠠᠷᠠᠭᠤᠯᠤᠭᠰᠠᠨ ᠪᠠᠶᠢᠨ᠎ᠠ ᠭᠡᠵᠦ ᠢᠯᠡᠷᠬᠡᠶᠢᠯᠡᠪᠡ᠃ | ᠲᠤᠰ ᠤᠳᠠᠭ᠎ᠠ ᠶᠢᠨ ᠦᠵᠡᠰᠭᠦᠯᠡᠩ ᠢ ᠳᠤᠮᠳᠠᠳᠤ ᠤᠯᠤᠰ ᠤᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠪᠣᠯᠣᠨ ᠹᠷᠠᠨᠼᠢ ᠶᠢᠨ ᠰᠣᠶᠣᠯ ᠤᠨ ᠶᠠᠮᠤᠨ ᠠᠴᠠ ᠵᠢᠯᠤᠭᠤᠳᠴᠤ᠂ ᠳᠤᠮᠳᠠᠳᠤ ᠤᠯᠤᠰ ᠤᠨ 10 ᠮᠤᠵᠢ ᠣᠷᠣᠨ | ᠬᠤᠲᠠ ᠶᠢᠨ 32 ᠰᠣᠶᠣᠯ ᠤᠨ ᠦᠵᠡᠰᠭᠦᠯᠡᠩ ᠤᠨ ᠪᠠᠶᠢᠭᠤᠯᠤᠮᠵᠢ ᠶᠢᠨ 200 ᠭᠠᠷᠤᠢ ᠭᠤᠶᠢᠳᠠ ᠰᠠᠶᠢᠬᠠᠨ ᠲᠡᠦᠬᠡ ᠶᠢᠨ | ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠡᠢ᠃ | |