ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠤᠨ ︽ᠭᠡᠷᠡᠯ ᠰᠠᠴᠤᠷᠠᠩᠭᠤᠶ ᠠᠮᠵᠢᠯᠲᠠ ᠶᠢ ᠮᠠᠭᠲᠠᠨ ᠰᠠᠶᠢᠰᠢᠶᠠᠵᠤ᠂ ᠨᠠᠰᠤᠳᠠᠳ ᠤᠨ ᠬᠦᠴᠦᠨ ᠢ ᠲᠥᠪᠯᠡᠷᠡᠭᠦᠯᠬᠦ︾ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠵᠢᠴᠢ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠡᠭᠦᠷ ᠤᠨ ᠱᠦᠵᠢ᠂ ᠭᠡᠰᠢᠭᠦᠨ ᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/11/22
   ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠬᠠᠮᠠᠳ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠪᠠ ᠠᠷᠠᠳ ᠲᠦᠮᠡᠨ ᠤ ᠦᠢᠯᠡᠰ ᠲᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ᠂ 11 ᠰᠠᠷ᠎ᠠ ᠶᠢᠨ 21 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠠᠴᠠ ︽ᠭᠡᠷᠡᠯ ᠰᠠᠴᠤᠷᠠᠩᠭᠤᠶ ᠠᠮᠵᠢᠯᠲᠠ ᠶᠢ ᠮᠠᠭᠲᠠᠨ ᠰᠠᠶᠢᠰᠢᠶᠠᠵᠤ᠂ ᠨᠠᠰᠤᠳᠠᠳ ᠤᠨ ᠬᠦᠴᠦᠨ ᠢ ᠲᠥᠪᠯᠡᠷᠡᠭᠦᠯᠬᠦ︾ ᠪᠠᠶᠢᠴᠠᠭᠠᠨ ᠰᠤᠳᠤᠯᠵᠤ ᠲᠣᠭᠤᠷᠢᠨ ᠦᠵᠡᠬᠦ ᠠᠵᠢᠯᠯᠠᠭ᠎ᠠ ᠵᠢᠴᠢ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠡᠭᠦᠷ ᠤᠨ ᠱᠦᠵᠢ᠂ ᠭᠡᠰᠢᠭᠦᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠦᠸᠧ ᠶᠤᠸᠠᠨ ᠶᠤᠸᠠᠨ᠂ ᠬᠤᠰᠢᠭᠤᠨ ᠲᠠᠰ ᠤᠨ ᠬᠡᠰᠡᠭ ᠠᠵᠢᠯ ᠠᠴᠠ ᠪᠠᠨ ᠠᠮᠠᠷᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠬᠡᠰᠡᠭ ᠨᠠᠮ ᠤᠨ ᠡᠭᠦᠷ ᠤᠨ ᠱᠦᠵᠢ᠂ ᠭᠡᠰᠢᠭᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
   ᠦᠳᠡ ᠶᠢᠨ ᠡᠮᠦᠨ᠎ᠡ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠷᠢᠳ ᠬᠤᠵᠢᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠦᠨ᠎ᠡ ᠵᠤᠭᠠᠴᠠᠭᠰᠠᠳ ᠤᠨ ᠲᠥᠪ᠂ ᠴᠠᠭᠠᠨ ᠢᠳᠡᠭᠡᠨ ᠤ ᠵᠢᠵᠢᠭ ᠪᠠᠯᠭᠠᠰᠤ᠂ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠨ ᠠᠨ ᠢᠯᠴᠢ ᠶᠢᠨ ᠬᠦᠴᠦᠨ ᠤ ᠺᠣᠮᠫᠠᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠠᠶᠢᠯᠤᠮᠵᠢ ᠶᠢ ᠰᠣᠨᠣᠰᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢᠨ ᠰᠠᠭᠤᠷᠢ ᠪᠠᠶᠢᠳᠠᠯ ᠢ ᠭᠦᠨᠵᠡᠭᠡᠶ ᠣᠶᠢᠯᠠᠭᠠᠪᠠ᠃ ᠵᠠᠮ ᠲᠤᠵᠢ ᠣᠯᠠᠨ ᠢᠶᠠᠷ ᠢᠶᠠᠨ ᠶᠠᠪᠤᠬᠤ ᠶᠢᠨ ᠳᠠᠭᠠᠤ ᠦᠵᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠬᠠᠮᠲᠤᠪᠠᠷ ᠰᠣᠯᠢᠯᠴᠠᠨ ᠶᠠᠷᠢᠯᠴᠠᠪᠠ᠃
   ᠦᠳᠡ ᠶᠢᠨ ᠬᠤᠶᠢᠨ᠎ᠠ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠡᠭᠡᠳᠦ ᠵᠡᠷᠭᠡ ᠶᠢᠨ ᠪᠠᠭᠰᠢ᠂ ᠵᠢᠯᠤᠭᠤᠳᠤᠬᠴᠢ ᠪᠠᠭᠰᠢ᠂ ᠰᠡᠳᠬᠢᠴᠡ ᠶᠢᠨ ᠵᠥᠪᠯᠡᠯᠭᠡ ᠥᠭᠭᠦᠭᠴᠢ ᠶᠠᠩ ᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ ᠲᠠᠶᠢᠯᠪᠤᠷᠢᠯᠠᠯᠲᠠ ᠶᠢ ᠰᠣᠨᠣᠰᠪᠠ︔ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ︽ᠲᠣᠭᠲᠠᠭᠠᠯ︾ ᠤᠨ ᠬᠠᠪᠰᠤᠷᠤᠨ ᠵᠢᠯᠣᠭᠤᠳᠬᠤ ᠵᠠᠭᠤᠨ ᠠᠰᠠᠭᠤᠯᠳᠠ ᠶᠢ ᠰᠤᠷᠤᠯᠴᠠᠪᠠ︔ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠲᠦᠷᠢᠮ᠂ ᠨᠠᠮ ᠤᠨ ᠪᠠᠶᠢᠭᠤᠯᠤᠯᠲᠠ ᠶᠢᠨ ᠮᠠᠲ᠋ᠧᠷᠢᠶᠠᠯ ᠤᠨ ᠳᠡᠪᠲᠡᠷ ᠪᠣᠯᠤᠨ ᠬᠠᠮᠤᠭ ᠤᠨ ᠰᠢᠨ᠎ᠡ ᠨᠠᠮ ᠤᠨ ᠪᠠᠶᠢᠭᠤᠯᠤᠯᠲᠠ ᠵᠡᠷᠭᠡ ᠨᠣᠮ ᠪᠢᠴᠢᠭ ᠢ ᠠᠪᠴᠠᠢ᠃
   ᠲᠣᠰ ᠤᠳᠠᠭᠠᠨ ᠤ ᠪᠣᠯᠪᠠᠰᠤᠷᠠᠭᠤᠯᠤᠯ ᠨᠢ ᠣᠯᠠᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠭᠤᠯᠤᠭᠰᠠᠨ ᠪᠥᠭᠡᠳ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠮ᠎ᠡ ᠶᠣᠰᠣ ᠪᠠ ᠣᠨᠴᠠᠯᠢᠭ ᠢ ᠭᠦᠨᠵᠡᠭᠡᠶ ᠡᠵᠡᠮᠰᠢᠵᠦ᠂ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠨᠠᠮ ᠤᠨ ᠡᠭᠦᠷ ᠤᠨ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                        ᠵᠤᠬᠢᠶᠠᠭᠴᠢ᠄ ᠪᠤᠯᠠᠭ᠂ ᠯᠢᠦ ᠵᠢᠶᠠ ᠯᠧ                                        ᠤᠷᠴᠢᠭᠤᠯᠤᠭᠴᠢ᠄ ᠡᠷᠳᠡᠨᠢᠴᠢᠮᠡᠭ                                        ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号