ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/25
   11 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ᠂ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠬᠡᠯᠪᠡᠷᠢ ᠪᠠᠷ ᠰᠤᠷᠤᠯᠴᠠᠯᠭ᠎ᠠ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
   ᠬᠤᠷᠠᠯ ᠳᠡᠭᠡᠷ᠎ᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠬᠠᠮᠢᠶ᠎ᠠ ᠪᠦᠬᠦᠢ ᠠᠭᠤᠯᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠥᠬᠦ ᠲᠠᠯ᠎ᠠ ᠪᠠᠷ ᠨᠡᠶᠢᠳᠡᠮ ᠬᠠᠮᠤᠷᠴᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠬᠤ︾ ᠭᠤᠤᠯ ᠰᠡᠳᠦᠪ ᠤᠨ ᠲᠣᠭᠤᠷᠢᠨ ᠳᠤ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃    ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠬᠤᠯᠠᠴᠢᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠢᠲᠡᠭᠡᠮᠵᠢ ᠲᠠᠢ ᠪᠠᠶᠢᠬᠤ ᠶᠢ ᠪᠥᠬᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠣᠯᠭᠠᠬᠤ ᠬᠡᠷᠡᠭᠲᠡᠶ᠃ ᠡᠯ᠎ᠡ ᠠᠵᠢᠯ ᠲᠦᠷᠦᠯ ᠡᠯ᠎ᠡ ᠬᠦᠷᠢᠶᠡᠨ ᠳᠤ ᠴᠣᠯᠭᠤᠷᠠᠨ ᠭᠠᠷᠤᠭᠰᠠᠨ ᠦᠨᠡᠨᠴᠢ ᠢᠲᠡᠭᠡᠮᠵᠢᠲᠡᠢ ᠬᠥᠮᠦᠰ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ᠂ ᠦᠨᠡᠨᠴᠢ ᠢᠲᠡᠭᠡᠮᠵᠢᠲᠡᠢ ᠨᠢᠭᠡᠴᠡ ᠶᠢ ᠶᠡᠬᠡᠪᠡᠷ ᠰᠣᠩᠭᠤᠨ ᠪᠤᠢ ᠪᠣᠯᠭᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠨᠡᠩ ᠤᠯᠠᠨ ᠬᠥᠮᠦᠰ ᠤᠨ ᠢᠲᠡᠭᠡᠯ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠨᠢᠭᠡ ᠴᠤᠬᠴᠠᠵᠢᠭᠤᠯᠤᠨ ᠠᠬᠢᠭᠤᠯᠵᠤ᠂ ᠲᠦᠷᠢᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠤᠰᠬᠠᠶ ᠠᠬᠢᠭᠤᠯᠬᠤ ᠳᠤᠭᠤᠶᠢᠯᠠᠩ ᠨᠢ ᠨᠢᠭᠡᠳᠦᠯᠲᠡᠶ ᠲᠥᠯᠥᠪᠯᠡᠨ ᠶᠡᠷᠦᠩᠬᠡᠶ ᠬᠠᠷᠢᠭᠤᠴᠠᠯᠭ᠎ᠠ ᠶᠢ ᠠᠳᠬᠤᠵᠤ᠂ ᠨᠢᠭᠡᠳᠦᠯᠲᠡᠶ ᠲᠥᠯᠥᠪᠯᠡᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠪᠣᠳᠠᠲᠠᠶ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠂ ᠠᠬᠢᠴᠠ ᠶᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠷᠲᠡᠬᠡᠨ ᠲᠠᠩᠰᠠ ᠲᠤᠰᠢᠶᠠᠵᠤ᠂ ᠵᠢᠯ ᠤᠨ ᠡᠬᠢᠨ ᠳᠤ ᠲᠣᠭᠲᠠᠭᠠᠭᠰᠠᠨ 123 ᠵᠦᠢᠯ ᠤᠨ ᠡᠭᠦᠷᠭᠡ ᠶᠢᠨ ᠨᠠᠷᠢᠨ ᠲᠠᠩᠰᠠ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃                                     ᠵᠣᠬᠢᠶᠠᠭᠴᠢ᠄ ᠹᠧᠩ ᠯᠢ ᠶᠤᠸᠠᠨ᠂ ᠹᠠᠨ ᠵᠢᠶᠠ ᠸᠧᠨ                                     ᠤᠷᠴᠢᠭᠤᠯᠤᠭᠴᠢ᠄ ᠡᠷᠳᠡᠨᠢᠴᠢᠮᠡᠭ                                     ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号